ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯ ᠬᠤᠷᠠᠯᠳᠤᠪᠠ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠠᠢ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠢ 9 ᠰᠠᠷ᠎ᠠ ᠶᠢᠨ 9 ᠤ ᠡᠳᠦᠷ ᠬᠥᠬᠡᠬᠤᠲᠠ ᠳᠤ ᠬᠤᠷᠠᠯᠳᠤᠭᠤᠯᠬᠤ ᠪᠠᠷ ᠲᠣᠭᠲᠠᠪᠠ
ᠨᠡᠶᠢᠲᠡᠯᠡᠭᠰᠡᠨ ᠴᠠᠭ᠄
2021/9/7
           9 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠥᠬᠡᠬᠤᠲᠠ ᠳᠤ ᠬᠤᠷᠢ ᠶᠢᠰᠦᠳᠦᠭᠡᠷ ᠬᠤᠷᠠᠯ ᠢᠶᠠᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃            ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠲᠣ 63 ᠪᠦᠷᠢᠯᠳᠦᠬᠦᠨ ᠲᠠᠢ᠂ 57 ᠬᠥᠮᠦᠨ ᠲᠣᠰ ᠤᠳᠠᠭᠠᠨ ᠤ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃        ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ᠂ ᠳᠡᠳ᠋ ᠡᠷᠬᠢᠯᠡᠭᠴᠢ ᠸᠠᠩ ᠪᠥᠸᠧ᠂ ᠯᠢᠶᠠᠨ ᠰᠤ᠋᠂ ᠵᠠᠩ ᠶᠤᠸᠠᠨ ᠵᠥᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠵᠠᠶ᠃        ᠠᠩᠬᠠᠳᠤᠭᠠᠷ ᠪᠥᠬᠦᠳᠡ ᠬᠤᠷᠠᠯ ᠠᠴᠠ ᠬᠤᠷᠠᠯ ᠤᠨ ᠵᠥᠪᠯᠡᠬᠦ ᠵᠦᠢᠯᠡᠰ ᠢ ᠪᠠᠲᠤᠯᠠᠭᠰᠠᠨ ᠤ ᠳᠠᠷᠠᠭ᠎ᠠ᠂ ᠴᠢ᠊ ᠪᠠᠲᠤ ᠪᠣᠯᠤᠨ ᠯᠢᠶᠠᠨ ᠰᠤ᠋ ᠶᠢᠨ ᠲᠣᠰ ᠲᠣᠰ ᠲᠠᠭᠠᠨ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ ᠬᠥᠮᠦᠰ ᠤᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ᠃        ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠰᠦᠨ ᠸᠧᠢ ᠳ᠋ᠦᠩ ᠤᠨ ᠬᠢᠭᠰᠡᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠮᠡᠳᠡᠭᠦᠯᠦᠯᠲᠡ ᠶᠢ ᠰᠣᠨᠣᠰᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号