ᠸᠠᠩ ᠯᠢ ᠰᠢᠶᠠ ᠬᠥᠯᠥᠨ ᠪᠤᠶᠢᠷ ᠬᠤᠳᠠ ᠳᠤ ᠬᠥᠯᠥᠨ ᠨᠠᠭᠤᠷ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠵᠠᠰᠠᠬᠤ ᠠᠭᠤᠷᠬᠠᠢ ᠶᠢᠨ ᠠᠮᠢ ᠠᠬᠤᠢ ᠶᠢ ᠰᠡᠷᠬᠦᠬᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/7
           9 ᠰᠠᠷ᠎ᠠ ᠶᠢᠨ 5 ᠠᠴᠠ 6 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠬᠥᠯᠥᠨ ᠪᠤᠶᠢᠷ ᠬᠤᠳᠠ ᠳᠤ ᠭᠦᠨᠵᠡᠭᠡᠶᠢᠷᠡᠨ ᠬᠥᠯᠥᠨ ᠨᠠᠭᠤᠷ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠵᠠᠰᠠᠬᠤ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ᠂ ᠸᠠᠺᠼᠢᠨ ᠤ ᠲᠠᠷᠢᠯᠭ᠎ᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠲᠡᠷᠡ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠦᠢᠯᠡᠳᠦᠯᠭᠡᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠨ᠂ ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠶ ᠬᠡᠵᠥ ᠴᠢᠬᠤᠯᠠᠴᠢᠯᠠᠪᠠ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号