ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠥᠪᠥᠷ ᠮᠣᠩᠭᠤᠯ ᠳᠤ ᠢᠷᠡᠵᠦ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2021/9/7
           ᠨᠠᠮ ᠤᠨ ᠲᠥᠪ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠤᠰᠤᠭᠠᠷ᠂ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠥᠪᠥᠷ ᠮᠣᠩᠭᠤᠯ ᠳᠤ ᠢᠷᠡᠵᠥ᠂ ᠮᠠᠨ ᠤ ᠣᠷᠣᠨ ᠤ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠱᠠᠯᠠᠪᠳᠠᠭᠤᠯᠤᠨ ᠵᠢᠯᠣᠭᠤᠳᠪᠠ᠃ 9 ᠰᠠᠷ᠎ᠠ ᠶᠢᠨ 6 ᠤ ᠡᠳᠦᠷ᠂ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠬᠥᠬᠡᠬᠤᠲᠠ ᠳᠤ ᠠᠭᠤᠯᠵᠠᠨ ᠤᠯᠤᠯᠴᠠᠬᠤ ᠬᠤᠷᠠᠯ ᠪᠠ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠠ᠃ ᠬᠤᠷᠠᠯ ᠳᠡᠭᠡᠷ᠎ᠡ᠂ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠰᠠᠨᠠᠯ ᠳᠤᠷᠠᠳᠤᠯᠭ᠎ᠠ ᠶᠢᠨ ᠵᠥᠪᠯᠡᠯ ᠤᠨ ᠳᠡᠳ᠋ ᠡᠷᠬᠢᠯᠡᠭᠴᠢ ᡁᠢ ᠱᠤ᠋ ᠫᠢᠩ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠤᠬᠠᠢ ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠵᠤ᠂ ᠱᠠᠯᠠᠪᠳᠠᠭᠤᠯᠤᠨ ᠵᠢᠯᠣᠭᠤᠳᠬᠤ ᠡᠭᠦᠷᠭᠡ ᠪᠣᠯᠤᠨ ᠲᠤᠬᠢᠷᠠᠭᠤᠯᠤᠯᠳᠠ ᠶᠢ ᠵᠠᠷᠯᠠᠨ ᠮᠡᠳᠡᠭᠳᠡᠵᠦ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠭᠢᠯᠡᠭᠰᠡᠨ ᠪᠦᠬᠡᠳ ᠣᠪᠣᠷ ᠢᠶᠠᠨ ᠢᠯᠡᠳᠬᠡᠬᠦ ᠦᠭᠡ ᠭᠡᠯᠡᠬᠦ ᠶᠢᠨ ᠬᠠᠮᠳᠦ ᠠᠵᠢᠯ ᠤᠨ ᠬᠠᠷᠢᠭᠤ ᠮᠡᠳᠡᠭᠦᠯᠦᠯᠲᠡ ᠬᠢᠪᠠ ᠂ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠦᠨᠳᠦᠰᠦᠲᠡᠨ ᠪᠠ ᠱᠠᠰᠢᠨ ᠰᠤᠷᠲᠠᠬᠤᠨ ᠤ ᠵᠥᠪᠯᠡᠯ ᠤᠨ ᠭᠡᠰᠢᠭᠦᠨ ᠹᠠᠨ ᠰᠢᠤᠢ ᠶᠢᠨ ᠬᠤᠷᠠᠯ ᠳᠤ ᠣᠷᠣᠯᠴᠠᠵᠠᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号