ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠮᠵᠢᠯᠲᠠ ᠲᠠᠢ ᠦᠨᠳᠦᠷᠯᠡᠪᠡ
ᠨᠡᠶᠢᠲᠡᠯᠡᠭᠰᠡᠨ ᠴᠠᠭ᠄
2022/1/10
        1 ᠰᠠᠷ᠎ᠠ ᠶᠢᠨ 9 ᠤ ᠡᠳᠦᠷ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠡᠯ᠎ᠡ ᠲᠦᠷᠦᠯ ᠤᠨ ᠵᠦᠪᠯᠡᠬᠦ ᠵᠦᠢᠯ ᠢᠶᠠᠨ ᠠᠮᠵᠢᠯᠲᠠ ᠲᠠᠢ ᠭᠦᠢᠴᠡᠳᠬᠡᠵᠦ ᠠᠮᠵᠢᠯᠲᠠ ᠲᠠᠢ ᠦᠨᠳᠦᠷᠯᠡᠪᠡ᠃        ᠲᠤᠰ ᠤᠳᠠᠭᠠᠨ ᠤ ᠬᠤᠷᠠᠯ ᠳᠤ 196 ᠬᠦᠮᠦᠨ ᠤᠷᠤᠯᠴᠠᠵᠤ᠂ ᠬᠠᠤᠯᠢ ᠳᠤ ᠲᠤᠭᠲᠠᠭᠠᠭᠰᠠᠨ ᠬᠦᠮᠦᠨ ᠤ ᠲᠤᠭᠠᠨ ᠳᠤ ᠨᠡᠶᠢᠴᠡᠪᠡ᠃        ᠶᠡᠭᠡ ᠬᠤᠷᠠᠯ ᠤᠨ ᠲᠡᠭᠦᠰᠬᠦ ᠶᠤᠰᠤᠯᠠᠯ ᠠᠴᠠ ᠡᠮᠦᠨ᠎ᠡ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ  ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ  ᠤᠨ ᠭᠤᠷᠪᠠᠳᠤᠭᠠᠷ ᠤᠳᠠᠭᠠᠨ ᠤ ᠪᠦᠬᠦ ᠭᠡᠰᠢᠭᠦᠨ ᠤ ᠬᠤᠷᠠᠯ ᠢ ᠡᠷᠬᠢᠯᠡᠨ ᠶᠠᠪᠤᠭᠳᠠᠭᠤᠯᠵᠤ᠂ ᠴᠧᠨ ᠵᠠᠨ ᠢᠩ᠂ ᠶᠠᠩ ᠰᠢᠶᠠᠨ ᠹᠧᠩ᠂ ᠵᠣᠣ ᠯᠠᠨ ᠭᠤᠸᠠᠩ᠂ ᠱᠢ ᠭᠤᠸᠠᠩ ᠬᠠᠢ᠂ ᠸᠠᠩ ᠶᠠ ᠵᠢᠶᠦ᠋ᠨ᠂ ᠳ᠋ᠢᠶᠤᠤ ᡁᠢ ᠭᠠᠩ᠂ ᠯᠢ ᠸᠧᠨ ᠽᠧᠩ᠂ ᠵᠢᠶᠠ ᠡᠾᠦ᠋ᠩ ᠵᠧᠨ᠂ ᠮᠠ ᠰᠤ᠋ ᠮᠸᠢ᠂ ᠯᠢᠦ ᠳ᠋ᠦᠩ ᠬᠤᠸᠠ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠦᠷ ᠲᠤ ᠰᠠᠭᠤᠯᠴᠠᠪᠠ᠃        ᠲᠣᠭᠤᠷᠢᠭ ᠤᠨ ᠤᠳᠤᠷᠢᠳᠤᠯᠭ᠎ᠠ ᠶᠠᠩ ᠮᠧᠩ᠂ ᠮᠧᠩ ᠹᠠᠨ ᠯᠢᠩ᠂ ᠯᠢ ᠪᠠᠢ ᠴᠤᠸᠠᠨ᠂ ᠵᠠᠩ ᡁᠢ ᠴᠢᠶᠠᠩ ᠂ ᠵᠠᠩ ᠵᠢᠢ ᠬᠠᠢ᠂ ᠵᠢᠶᠠ ᠬᠤᠸᠠ ᠴᠦᠨ᠂ ᠯᠢᠶᠠᠩ ᠰᠢᠶᠤᠤ ᠮᠢᠩ᠂ ᠢᠦᠢ ᠴᠦᠨ ᠢᠦᠢ ᠵᠢᠴᠢ ᠬᠤᠩᠱᠠᠨ ᠲᠣᠭᠤᠷᠢᠭ ᠤᠨ ᠠᠵᠢᠯ ᠤᠨ ᠪᠠᠶᠢᠷᠢᠨ ᠳᠤ ᠪᠠᠨ ᠪᠠᠶᠢᠭ᠎ᠠ ᠭᠠᠵᠠᠷ ᠤᠨ ᠳᠡᠰ ᠤᠨ ᠤᠳᠤᠷᠢᠳᠤᠯᠭ᠎ᠠ ᠲᠡᠷᠢᠭᠦᠯᠡᠭᠴᠢ ᠶᠢᠨ ᠲᠠᠶᠢᠰᠠᠨ ᠳᠤ ᠰᠠᠭᠤᠯᠴᠠᠪᠠ᠃        ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠲᠠ ᠶᠢᠨ ᠵᠤᠬᠢᠶᠠᠨ ᠪᠠᠶᠢᠭᠤᠯᠬᠤ ᠬᠡᠯᠲᠡᠰ  ᠲᠤ ᠲᠣᠮᠢᠯᠠᠵᠤ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠢ ᠯᠢ ᠮᠢᠨ᠂ ᠬᠤᠲᠠ  ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠭᠡᠰᠢᠭᠦᠨ ᠤ ᠬᠥᠮᠦᠵᠢᠯ ᠤᠨ ᠲᠥᠪ ᠤᠨ ᠡᠷᠬᠢᠯᠡᠭᠴᠢ ᠵᠠᠩ ᠸᠧᠨ ᠬᠤᠤ ᠬᠤᠷᠠᠯ ᠳᠤ ᠤᠷᠤᠯᠴᠠᠵᠤ ᠵᠢᠭᠠᠨ ᠵᠢᠯᠤᠭᠤᠳᠬᠤ ᠶᠢᠨ ᠬᠠᠮᠲᠤ ᠲᠡᠷᠢᠭᠦᠯᠡᠭᠴᠢ ᠶᠢᠨ ᠲᠠᠶᠢᠰᠠᠨ ᠳᠤ ᠰᠠᠭᠤᠯᠴᠠᠪᠠ᠃        ᠯᠢ ᠸᠧᠨ ᠽᠧᠩ ᠶᠡᠭᠡ ᠬᠤᠷᠠᠯ ᠢ ᠡᠷᠬᠢᠯᠡᠪᠡ᠃        ᠬᠤᠷᠠᠯ ᠠᠴᠠ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠨᠡᠶᠢᠲᠡᠯᠡᠪᠡ᠃        ᠬᠤᠷᠠᠯ ᠠᠴᠠ ᠬᠤᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠳᠡᠳ᠋ ᠡᠷᠬᠢᠯᠡᠭᠴᠢ᠂ ᠭᠡᠰᠢᠭᠦᠨ᠂ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠲᠤᠭᠤᠷᠢᠭ ᠤᠨ ᠳᠠᠷᠤᠭ᠎ᠠ᠂ ᠳᠤᠭᠤᠷᠢᠭ ᠤᠨ ᠳᠡᠳ᠋ ᠳᠠᠷᠤᠭ᠎ᠠ᠂ ᠬᠤᠩᠱᠠᠨ ᠲᠣᠭᠤᠷᠢᠭ ᠤᠨ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠬᠤᠩᠱᠠᠨ ᠲᠣᠭᠤᠷᠢᠭ ᠤᠨ ᠠᠷᠠᠳ  ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ᠂ ᠬᠤᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ  ᠤ ᠬᠤᠷᠢᠶᠠᠨ ᠳᠠᠷᠤᠭ᠎ᠠ᠂ ᠬᠤᠩᠱᠠᠨ ᠲᠣᠭᠤᠷᠢᠭ ᠤᠨ ᠤᠯᠠᠭᠠᠨᠬᠠᠳᠠ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠳᠤ ᠣᠷᠤᠯᠴᠠᠬᠤ ᠲᠦᠯᠦᠭᠡᠯᠡᠭᠴᠢ ᠶᠢ ᠰᠤᠩᠭᠤᠪᠠ᠃        2021 ᠣᠨ ᠤ ᠠᠷᠠᠳ ᠤᠨ ᠠᠮᠢᠳᠤᠷᠠᠯ ᠤᠨ ᠪᠤᠳᠠᠲᠤ ᠤᠴᠢᠷ ᠤᠨ ᠲᠦᠷᠦᠯ ᠵᠦᠢᠯ ᠢ ᠰᠢᠯᠭᠠᠨ ᠲᠤᠭᠲᠠᠭᠠᠵᠤ᠂ 2022 ᠣᠨ ᠤ ᠠᠷᠠᠳ ᠤᠨ ᠠᠮᠢᠳᠤᠷᠠᠯ ᠤᠨ ᠪᠤᠳᠠᠲᠤ ᠤᠴᠢᠷ ᠢᠶᠠᠷ ᠵᠢᠱᠢᠭᠳᠡᠭᠰᠡᠨ ᠲᠦᠷᠦᠯ ᠵᠦᠢᠯ  ᠢ ᠰᠤᠩᠭᠤᠨ ᠲᠤᠭᠲᠠᠭᠠᠪᠠ᠃        ᠬᠤᠷᠠᠯ ᠳᠤ ᠲᠦᠰᠦᠯ ᠢ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠢᠦ ᠳ᠋ᠦᠩ ᠬᠤᠸᠠ ᠶᠢᠨ ᠬᠢᠭᠰᠡᠨ ︽ᠲᠦᠰᠦᠯ᠂ ᠰᠠᠨᠠᠯ ᠳᠤᠷᠠᠳᠤᠯᠭ᠎ᠠ᠂ ᠰᠠᠨᠠᠯ ᠰᠢᠭᠦᠮᠵᠢ᠂ ᠰᠠᠨᠠᠯ ᠢ ᠬᠢᠨᠠᠨ ᠪᠠᠶᠢᠴᠠᠭᠠᠵᠤ ᠰᠢᠢᠳᠪᠦᠷᠢᠯᠡᠬᠦ ᠰᠠᠨᠠᠯ ᠤᠨ ᠲᠤᠬᠠᠢ ᠮᠡᠳᠡᠭᠦᠯᠦᠯᠲᠡ︾ ᠶᠢ ᠰᠤᠨᠤᠰᠪᠠ᠃          ᠶᠡᠭᠡ ᠬᠤᠷᠠᠯ ᠤᠨ ᠲᠡᠭᠦᠰᠬᠦ ᠶᠤᠰᠤᠯᠠᠯ ᠳᠡᠭᠡᠷ᠎ᠡ ᠰᠤᠩᠭᠤᠭᠤᠯᠢ ᠶᠢᠨ ᠦᠷ᠎ᠡ ᠳ᠋ᠦᠩ᠂ ᠬᠢᠨᠠᠨ ᠲᠤᠭᠲᠠᠭᠠᠯᠲᠠ ᠶᠢᠨ ᠦᠷ᠎ᠡ ᠳ᠋ᠦᠩ᠂ ᠪᠢᠯᠧᠲ ᠤᠨ ᠦᠷ᠎ᠡ ᠳ᠋ᠦᠩ ᠢ ᠨᠡᠶᠢᠲᠡᠯᠡᠪᠡ᠃        ᠸᠠᠩ ᠶᠠ ᠵᠢᠶᠦ᠋ᠨ ᠬᠤᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ᠂ ᠯᠢ ᠸᠧᠨ ᠽᠧᠩ᠂ ᠵᠢᠶᠠ ᠡᠾᠦ᠋ᠩ ᠵᠧᠨ᠂ ᠮᠠ ᠰᠤ᠋ ᠮᠸᠢ᠂ ᠯᠢᠦ ᠳ᠋ᠦᠩ ᠬᠤᠸᠠ ᠳᠡᠳ᠋ ᠡᠷᠬᠢᠯᠡᠭᠴᠢ ᠪᠠᠷ ᠰᠤᠩᠭᠤᠭᠳᠠᠪᠠ᠃ ᠵᠤᠤ ᠯᠠᠨ ᠭᠤᠸᠠᠩ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠲᠤᠭᠤᠷᠢᠭ ᠤᠨ ᠳᠠᠷᠤᠭ᠎ᠠ ᠪᠠᠷ᠂ ᠶᠠᠩ ᠮᠧᠩ᠂ ᠮᠧᠩ ᠹᠠᠨ ᠯᠢᠩ᠂ ᠯᠢᠨ ᠢᠦᠢ ᠬᠤᠸᠠ᠂ ᠵᠤᠤ ᠲᠦᠩ᠂ ᠬᠤᠸᠠᠩ ᠼᠦᠩ ᠸᠧᠢ᠂ ᠵᠠᠩ ᠬᠠᠢ ᠵᠢᠤᠸᠠᠨ᠂ ᠯᠢ ᠰᠢᠦᠢ ᠳ᠋ᠦᠩ ᠳᠤᠭᠤᠷᠢᠭ ᠤᠨ ᠳᠡᠳ᠋ ᠳᠠᠷᠤᠭ᠎ᠠ ᠪᠠᠷ ᠰᠤᠩᠭᠤᠭᠳᠠᠪᠠ᠃ ᠵᠠᠩ ᠵᠢᠢ ᠬᠠᠢ ᠬᠤᠩᠱᠠᠨ ᠲᠣᠭᠤᠷᠢᠭ  ᠤᠨ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠪᠠᠷ᠂ ᠬᠤᠸᠠᠩ ᠹᠦ᠋ ᠵᠢᠶᠦ᠋ᠨ ᠬᠤᠩᠱᠠᠨ ᠲᠣᠭᠤᠷᠢᠭ ᠤᠨ ᠠᠷᠠᠳ  ᠤᠨ ᠰᠢᠭᠦᠬᠦ ᠬᠤᠷᠢᠶᠠᠨ ᠤ  ᠬᠤᠷᠢᠶᠠᠨ ᠳᠠᠷᠤᠭ᠎ᠠ ᠪᠠᠷ᠂ ᠢᠦᠢ ᠱᠦ ᠮᠢᠨ ᠬᠤᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠬᠤᠷᠢᠶᠠᠨ ᠳᠠᠷᠤᠭ᠎ᠠ ᠪᠠᠷ ᠰᠤᠩᠭᠤᠭᠳᠠᠪᠠ᠃        ᠰᠢᠨ᠎ᠡ ᠪᠠᠷ ᠰᠤᠩᠭᠤᠭᠳᠠᠭᠰᠠᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠳᠡᠳ᠋ ᠡᠷᠬᠢᠯᠡᠭᠴᠢ᠂ ᠲᠤᠭᠤᠷᠢᠭ ᠤᠨ ᠠᠷᠠᠳ ᠤᠨ ᠵᠠᠰᠠᠭ  ᠤᠨ ᠣᠷᠳᠤᠨ ᠤ ᠳᠠᠷᠤᠭ᠎ᠠ᠂ ᠳᠡᠳ᠋ ᠳᠠᠷᠤᠭ᠎ᠠ᠂ ᠲᠤᠭᠤᠷᠢᠭ ᠤᠨ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠲᠤᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ᠂ ᠳᠡᠰ ᠳᠠᠷᠠᠭᠠᠯᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠪᠦᠬᠦ ᠲᠦᠯᠦᠭᠡᠯᠡᠭᠴᠢ ᠲᠠᠢ ᠠᠭᠤᠯᠵᠠᠪᠠ᠃        ᠲᠤᠭᠤᠷᠢᠭ ᠤᠨ ᠵᠠᠰᠠᠭ ᠤᠨ ᠣᠷᠳᠤᠨ ᠤ ᠪᠦᠷᠢᠯᠳᠦᠭᠦᠨ᠂ ᠬᠠᠮᠢᠶ᠎ᠠ ᠪᠦᠬᠦᠢ ᠪᠠᠶᠢᠭᠤᠯᠭ᠎ᠠ᠂ ᠪᠦᠯᠬᠦᠮ᠂ ᠪᠠᠶᠢᠭᠤᠯᠭ᠎ᠠ ᠶᠢᠨ ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠤᠷᠤᠯᠴᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号