ᠴᠢᠶᠤᠤ ᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠴᠠᠭᠠᠨ ᠰᠠᠷ᠎ᠠ ᠠᠴᠠ ᠡᠮᠦᠨᠡᠬᠢ ᠠᠶᠦᠯᠭᠦᠢ ᠦᠢᠯᠡᠳᠪᠦᠷᠢᠯᠡᠯ ᠤᠨ ᠶᠡᠭᠡ ᠰᠢᠭᠰᠢᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2022/1/13
        ᠳᠡᠭᠡᠷ᠎ᠡ ᠱᠠᠲᠤᠨ ᠤ ᠠᠶᠦᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠭᠠᠯ ᠤᠨ ᠠᠶᠤᠯ ᠤᠨ ᠭᠡᠮ ᠰᠤᠭᠤᠭ ᠢ ᠡᠷᠡᠰ ᠴᠠᠭᠠᠵᠠᠯᠠᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠶᠦᠯᠭᠦᠢ ᠶᠢ ᠪᠠᠲᠤᠯᠠᠬᠤ᠂ ᠤᠯᠠᠨ ᠲᠦᠮᠡᠨ ᠢ ᠠᠮᠤᠷ ᠲᠦᠪᠰᠢᠨ᠂ ᠡᠶ᠎ᠡ ᠵᠤᠬᠢᠴᠠᠯᠲᠤ ᠴᠠᠭᠠᠨ ᠰᠠᠷ᠎ᠠ ᠶᠢ ᠦᠩᠭᠡᠷᠡᠭᠦᠯᠬᠦ ᠶᠢ ᠪᠠᠲᠤᠯᠠᠬᠤ ᠶᠢᠨ ᠲᠥᠯᠦᠭᠡ᠂ 1 ᠰᠠᠷ᠎ᠠ ᠶᠢᠨ 11 ᠤ ᠡᠳᠦᠷ ᠴᠢᠶᠤᠤ ᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠯᠢ ᡁᠢ ᠸᠧᠢ ᠬᠠᠷᠢᠶ᠎ᠠ ᠤᠷᠤᠨ ᠤ ᠬᠡᠰᠡᠭ ᠠᠵᠤ ᠦᠢᠯᠡᠰ ᠤᠨ ᠡᠵᠡᠩᠨᠡᠯᠲᠡ ᠶᠢᠨ ᠲᠠᠯᠠᠪᠤᠷ ᠲᠤ ᠠᠶᠦᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠦᠷᠨᠢᠭᠦᠯᠬᠦ ᠶᠢᠨ ᠬᠠᠮᠲᠤ ᠤᠶᠢᠷ᠎ᠠ ᠳᠤ ᠬᠡᠷᠡᠭ ᠡᠷᠬᠢᠯᠡᠬᠦ ᠭᠠᠵᠠᠷ ᠤᠨ ᠦᠷᠨᠢᠭᠦᠯᠦᠭᠰᠡᠨ ᠠᠶᠦᠯᠭᠦᠢ ᠦᠢᠯᠡᠳᠪᠦᠷᠢᠯᠡᠯ  ᠤᠨ ᠶᠡᠭᠡ ᠰᠢᠭᠰᠢᠨ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠶᠢᠨ ᠦᠷ᠎ᠡ ᠪᠦᠲᠦᠭᠡᠯ ᠶᠢ ᠰᠢᠯᠭᠠᠨ ᠪᠠᠶᠢᠴᠠᠭᠠᠪᠠ᠃        ᠴᠢᠶᠤᠤ ᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠦᠷᠭᠦᠯᠵᠢᠯᠡᠨ ᠠᠶᠦᠯᠭᠦᠢ ᠦᠢᠯᠡᠳᠪᠦᠷᠢᠯᠡᠯ ᠤᠨ ᠠᠵᠢᠯ ᠢ ᠦᠷᠨᠢᠭᠦᠯᠵᠦ᠂ ᠬᠠᠷᠢᠶ᠎ᠠ ᠤᠷᠤᠨ ᠤ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠠᠶᠦᠯᠭᠦᠢ ᠶᠢᠨ ᠭᠡᠮ ᠰᠤᠭᠤᠭ ᠢ ᠦᠨᠳᠦᠰᠦᠨ ᠠᠴᠠ ᠨᠢ ᠤᠰᠠᠳᠬᠠᠵᠤ᠂ ᠠᠷᠠᠳ ᠤᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号