ᠤᠯᠠᠭᠠᠨᠬᠠᠳᠠ ᠬᠤᠲᠠ ᠶᠢᠨ ᠲᠤᠲᠤᠭᠠᠳᠤ ᠶᠢ ᠬᠠᠮᠠᠭᠠᠯᠠᠬᠤ ᠲᠣᠪᠴᠢᠶᠠᠨ ᠤ ᠬᠤᠩᠱᠠᠨ ᠲᠤᠭᠤᠷᠢᠭ ᠤᠨ ᠬᠤᠪᠢᠶᠠᠷᠢ ᠲᠣᠪᠴᠢᠶᠠᠨ ᠤ 2021 ᠤᠨ ᠤ ᠢᠯᠡ ᠪᠠᠷ ᠴᠠᠭᠳᠠᠭᠠᠨ ᠤ ᠶᠠᠪᠤᠳᠠᠯ ᠤᠨ ᠲᠤᠰᠠᠯᠠᠬᠤ ᠬᠦᠮᠦᠰ ᠡᠯᠰᠡᠬᠦ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠳ ᠤᠨ ᠪᠢᠷ ᠤᠨ ᠰᠢᠯᠭᠠᠯᠲᠠ ᠳᠤ ᠤᠷᠤᠯᠴᠠᠬᠤ ᠠᠵᠢᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/1/13
        ᠤᠯᠠᠭᠠᠨᠬᠠᠳᠠ ᠬᠤᠲᠠ ᠶᠢᠨ ᠲᠤᠲᠤᠭᠠᠳᠤ ᠶᠢ ᠬᠠᠮᠠᠭᠠᠯᠠᠬᠤ ᠲᠣᠪᠴᠢᠶᠠᠨ ᠤ ᠬᠤᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ 2021 ᠣᠨ ᠤ ᠴᠠᠭᠳᠠᠭᠠᠨ ᠤ ᠶᠠᠪᠤᠳᠠᠯ ᠤᠨ ᠲᠤᠰᠠᠯᠠᠬᠤ ᠬᠦᠮᠦᠰ ᠡᠯᠰᠡᠬᠦ ᠪᠡᠶ᠎ᠡ ᠶᠢᠨ ᠪᠠᠶᠢᠴᠠᠭᠠᠯᠲᠠ ᠨᠢᠭᠡᠨᠲᠡ ᠳᠠᠭᠤᠰᠪᠠ ︵ᠬᠢᠷᠢ ᠲᠡᠩᠴᠡᠭᠰᠡᠳ ᠤᠨ ᠨᠡᠷᠡᠰ ᠢ ᠮᠡᠳᠡᠭᠳᠡᠯ ᠤᠨ ᠡᠴᠦᠰ ᠲᠤ ᠳᠠᠭᠠᠯᠳᠤᠭᠤᠯᠪᠠ︶᠃ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠳᠦᠭᠡ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠳ ᠤᠨ ᠪᠢᠷ ᠤᠨ ᠰᠢᠯᠭᠠᠯᠲᠠ ᠳᠤ ᠤᠷᠤᠯᠴᠠᠬᠤ ᠲᠤᠬᠠᠢ ᠬᠠᠮᠢᠶ᠎ᠠ ᠪᠦᠬᠦᠢ ᠤᠴᠢᠷ ᠢ ᠳᠤᠤᠷ᠎ᠠ ᠮᠡᠳᠡᠭᠳᠡᠶ᠎ᠡ᠄        ᠨᠢᠭᠡ᠂ ᠪᠢᠷ ᠤᠨ ᠰᠢᠯᠭᠠᠯᠲᠠ ᠶᠢᠨ ᠰᠢᠯᠭᠠᠭᠤᠯᠬᠤ ᠦᠨᠡᠮᠯᠡᠯ ᠢᠶᠠᠨ ᠳᠠᠷᠤᠮᠠᠯᠯᠠᠬᠤ        ᠪᠢᠷ ᠤᠨ ᠰᠢᠯᠭᠠᠯᠲᠠ ᠳᠤ ᠤᠷᠤᠯᠴᠠᠭᠰᠠᠳ 2022 ᠣᠨ ᠤ 1 ᠰᠠᠷ᠎ᠠ ᠶᠢᠨ 12 ᠤ ᠡᠳᠦᠷ ᠠᠴᠠ 13  ᠤ ᠡᠳᠦᠷ ᠪᠣᠯᠲᠠᠯ᠎ᠠ ᠨᠡᠷ᠎ᠡ ᠮᠡᠳᠡᠭᠦᠯᠦᠭᠰᠡᠨ ᠰᠦᠯᠵᠢᠶᠡᠨ ᠳᠤ ᠪᠠᠨ ᠭᠠᠷᠴᠤ ᠰᠢᠯᠭᠠᠭᠤᠯᠬᠤ ᠦᠨᠡᠮᠯᠡᠯ ᠢᠶᠠᠨ ᠳᠠᠷᠤᠮᠠᠯᠯᠠᠨ᠎ᠠ᠃        ᠬᠤᠶᠠᠷ᠂ ᠪᠢᠷ ᠤᠨ ᠰᠢᠯᠭᠠᠯᠲᠠ ᠶᠢᠨ ᠴᠠᠭ ᠭᠠᠵᠠᠷ        ︵ᠨᠢᠭᠡ︶  ᠪᠢᠷ ᠤᠨ ᠰᠢᠯᠭᠠᠯᠲᠠ ᠶᠢᠨ ᠴᠠᠭ        2022 ᠣᠨ ᠤ 1 ᠰᠠᠷ᠎ᠠ ᠶᠢᠨ 15 ᠤ ᠡᠳᠦᠷ ︵ᠭᠠᠷᠠᠭ ᠤᠨ ᠵᠢᠷᠭᠤᠭᠠᠨ︶᠂ ᠦᠳᠡ ᠠᠴᠠ ᠡᠮᠦᠨ᠎ᠡ 9᠄ 00- 11᠄ 00        ︵ᠬᠤᠶᠠᠷ︶ ᠪᠢᠷ ᠤᠨ ᠰᠢᠯᠭᠠᠯᠲᠠ ᠶᠢᠨ ᠭᠠᠵᠠᠷ        ᠰᠢᠯᠭᠠᠭᠤᠯᠬᠤ ᠦᠨᠡᠮᠯᠡᠯ ᠳᠤ ᠦᠵᠡᠭᠡᠷᠡᠢ᠃        ᠰᠢᠯᠭᠠᠯᠲᠠ ᠶᠢᠨ ᠡᠳᠦᠷ ᠰᠢᠯᠭᠠᠭᠤᠯᠤᠭᠰᠠᠳ ︽ᠪᠢᠷ ᠤᠨ ᠰᠢᠯᠭᠠᠯᠲᠠ ᠶᠢᠨ ᠰᠢᠯᠭᠠᠭᠤᠯᠬᠤ ᠦᠨᠡᠮᠯᠡᠯ︾ ᠪᠠ ᠲᠤᠰ ᠬᠦᠮᠦᠨ ᠤ ᠬᠦᠴᠦᠨ ᠪᠦᠬᠦᠢ ᠬᠤᠭᠤᠴᠠᠭᠠᠨ ᠤ ᠬᠤᠶᠠᠳᠤᠭᠠᠷ ᠥᠶ᠎ᠡ ᠶᠢᠨ ᠪᠡᠶ᠎ᠡ ᠶᠢᠨ ᠦᠨᠡᠮᠯᠡᠯ ︵ᠲᠦᠷ ᠴᠠᠭ ᠤᠨ ᠪᠡᠶ᠎ᠡ ᠶᠢᠨ ᠦᠨᠡᠮᠯᠡᠯ᠂ ᠫᠠᠰᠫᠤᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ︶ ᠢᠶᠠᠨ ᠠᠪᠴᠤ ᠲᠤᠭᠲᠠᠭᠰᠠᠨ ᠴᠠᠭ ᠲᠤ ᠪᠠᠨ ᠲᠤᠭᠲᠠᠭᠰᠠᠨ ᠭᠠᠵᠠᠷ ᠲᠤ ᠬᠦᠷᠴᠦ ᠪᠢᠷ ᠤᠨ ᠰᠢᠯᠭᠠᠯᠲᠠ ᠳᠤ ᠤᠷᠤᠯᠴᠠᠬᠤ ᠬᠡᠷᠡᠭᠲᠡᠢ᠃        ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠨᠳᠤᠰᠢ ᠶᠢ ᠦᠨᠳᠦᠰᠦᠯᠡᠨ᠂ ᠰᠢᠯᠭᠠᠯᠲᠠ ᠶᠢᠨ ᠴᠠᠭ ᠭᠠᠵᠠᠷ ᠢ ᠲᠤᠬᠢᠷᠠᠭᠤᠯᠬᠤ ᠴᠢᠬᠤᠯᠠᠲᠠᠢ ᠪᠣᠯᠪᠠᠯ ᠤᠯᠠᠭᠠᠨᠬᠠᠳᠠ ᠬᠤᠲᠠ ᠶᠢᠨ ᠬᠦᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠠᠯᠪᠠᠨ ᠰᠦᠯᠵᠢᠶ᠎ᠡ ᠪᠠ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠦᠯᠵᠢᠶᠡᠨ ᠳᠤ ᠮᠡᠳᠡᠭᠳᠡᠯ ᠨᠡᠶᠢᠲᠡᠯᠡᠨ᠎ᠡ᠂ ᠰᠢᠯᠭᠠᠭᠤᠯᠤᠭᠰᠠᠳ ᠴᠠᠭ ᠲᠤᠬᠠᠢ ᠳᠤ ᠨᠢ ᠠᠩᠬᠠᠷᠤᠯ ᠢᠶᠠᠨ ᠬᠠᠨᠳᠤᠭᠤᠯᠬᠤ ᠪᠣᠯᠪᠠᠤ᠃        ᠭᠤᠷᠪᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ        ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠢ ᠦᠨᠳᠦᠰᠦᠯᠡᠨ᠂ ᠰᠢᠯᠭᠠᠭᠤᠯᠤᠭᠰᠠᠳ ᠠᠶᠠᠯᠠᠯ ᠤᠨ ᠨᠤᠮᠧᠷ᠂ ᠡᠷᠡᠭᠦᠯ ᠴᠢᠬᠢᠷᠠᠭ ᠤᠨ ᠨᠤᠮᠧᠷ᠂ 48 ᠴᠠᠭ ᠤᠨ ᠲᠤᠲᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢᠨ ᠴᠠᠭᠠᠰᠤᠨ ᠪᠠᠷ ᠢᠶᠠᠨ ᠪᠡᠯᠡᠳᠬᠡᠬᠦ ᠬᠡᠷᠡᠭᠲᠡᠢ᠃        ︵ᠬᠤᠶᠠᠷ︶ ᠮᠦᠨ ᠬᠦ ᠲᠤᠰᠠᠭᠠᠷᠯᠠᠬᠤ ᠬᠤᠭᠤᠴᠠᠭᠠᠨ ᠳᠤ ᠪᠠᠶᠢᠬᠤ ᠬᠦᠮᠦᠰ ᠲᠤᠰ ᠤᠳᠠᠭᠠᠨ ᠤ ᠰᠢᠯᠭᠠᠯᠲᠠ ᠳᠤ ᠤᠷᠤᠯᠴᠠᠵᠤ ᠪᠣᠯᠬᠤ ᠦᠭᠡᠢ᠃        ︵ᠭᠤᠷᠪᠠ︶ ᠳᠤᠤᠷ᠎ᠠ ᠵᠢᠭᠰᠠᠭᠠᠭᠳᠠᠭᠰᠠᠳ ᠡᠷᠬᠡᠪᠰᠢ ᠰᠠᠭᠤᠭᠠᠯᠢ ᠠᠷᠠᠳ ᠤᠨ ᠵᠦᠪᠯᠡᠯ ᠪᠤᠶᠤ ᠲᠤᠰᠬᠤᠨ  ᠤ ᠵᠦᠪᠯᠡᠯ ᠳᠤ ᠳᠠᠩᠰᠠᠯᠠᠨ ᠪᠦᠷᠢᠳᠬᠡᠭᠦᠯᠵᠦ᠂ ᠳᠤᠤᠷᠠᠬᠢ ᠬᠠᠮᠢᠶᠠᠷᠤᠨ ᠡᠵᠡᠮᠳᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠳᠠᠭᠤᠰᠤᠭᠰᠠᠨ ᠤ ᠳᠠᠷᠠᠭ᠎ᠠ ᠲᠤᠰ ᠤᠳᠠᠭᠠᠨ ᠤ ᠰᠢᠯᠭᠠᠯᠲᠠ ᠳᠤ ᠤᠷᠤᠯᠴᠠᠵᠤ ᠪᠣᠯᠤᠨ᠎ᠠ᠃        1. ᠬᠢᠯᠢ ᠶᠢᠨ ᠭᠠᠳᠠᠨ᠎ᠠ ᠠᠴᠠ ᠢᠷᠡᠭᠰᠡᠳ ᠬᠢᠯᠢ ᠳᠤ ᠤᠷᠤᠵᠤ ᠢᠷᠡᠭᠰᠡᠨ ᠠᠩᠬᠠᠨ ᠤ ᠭᠠᠵᠠᠷ ᠲᠤ ᠪᠠᠨ 14 ᠬᠤᠨᠤᠭ ᠲᠦᠪᠯᠡᠷᠡᠭᠦᠯᠦᠨ ᠲᠤᠰᠠᠭᠠᠷᠯᠠᠭᠰᠠᠨ ᠤ ᠳᠠᠷᠠᠭ᠎ᠠ ᠤᠯᠠᠭᠠᠨᠬᠠᠳᠠ ᠬᠤᠲᠠ ᠳᠤ ᠪᠤᠴᠠᠵᠤ 7 ᠬᠤᠨᠤᠭ ᠭᠡᠷ  ᠲᠤ ᠪᠠᠨ ᠡᠷᠡᠭᠦᠯ ᠴᠢᠬᠢᠷᠠᠭ ᠤᠨ ᠬᠢᠨᠠᠯᠲᠠ ᠬᠢᠵᠦ᠂ ᠭᠡᠷ ᠲᠤ ᠪᠠᠨ ᠲᠤᠰᠠᠭᠠᠷᠯᠠᠭᠰᠠᠨ ᠬᠤᠶᠠᠳᠤᠭᠠᠷ᠂ ᠳᠤᠯᠤᠳᠤᠭᠠᠷ ᠡᠳᠦᠷ ᠲᠤ ᠪᠠᠨ ᠬᠠᠮᠠᠷ ᠬᠤᠭᠤᠯᠠᠢ ᠶᠢᠨ ᠪᠦᠭᠡᠮ ᠬᠦᠴᠢᠯ ᠤᠨ ᠪᠠᠶᠢᠴᠠᠭᠠᠯᠲᠠ ᠬᠢᠨ᠎ᠡ᠃        2. ᠤᠯᠤᠰ ᠤᠨ ᠲᠤᠲᠤᠭᠠᠳᠤ ᠶᠢᠨ ᠦᠨᠳᠦᠷ ᠲᠦᠭᠰᠢᠭᠦᠷᠢ ᠪᠦᠬᠦᠢ ᠭᠠᠵᠠᠷ ᠤᠷᠤᠨ ᠠᠴᠠ ᠢᠷᠡᠭᠰᠡᠳ ︽14 ᠬᠤᠨᠤᠭ ᠲᠦᠪᠯᠡᠷᠡᠭᠦᠯᠦᠨ ᠲᠤᠰᠠᠭᠠᠷᠯᠠᠵᠤ᠂ 5 ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃        3. ᠤᠯᠤᠰ ᠤᠨ ᠲᠤᠲᠤᠭᠠᠲᠤᠬᠢ ᠳᠤᠮᠳᠠ ᠲᠦᠭᠰᠢᠭᠦᠷᠢ ᠪᠦᠬᠦᠢ ᠤᠷᠤᠨ ᠠᠴᠠ ᠢᠷᠡᠭᠰᠡᠳ ︽14 ᠬᠤᠨᠤᠭ ᠲᠦᠪᠯᠡᠷᠡᠭᠦᠯᠦᠨ ᠲᠤᠰᠠᠭᠠᠷᠯᠠᠵᠤ᠂ 5 ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃        ︵ᠳᠦᠷᠪᠡ︶ ᠡᠯᠰᠡᠭᠦᠯᠦᠭᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃        ︵ᠲᠠᠪᠤ︶ ᠲᠤᠰ ᠤᠳᠠᠭᠠᠨ ᠤ ᠰᠢᠯᠭᠠᠯᠲᠠ ᠶᠢᠨ ᠬᠤᠭᠤᠴᠠᠭᠠᠨ ᠳᠤ ᠰᠢᠯᠭᠠᠭᠤᠯᠤᠭᠰᠠᠳ ᠡᠷᠬᠡᠪᠰᠢ ᠠᠮᠠᠪᠴᠢ ᠪᠠᠨ ᠦᠪᠡᠷᠲᠡᠭᠡᠨ ᠪᠡᠯᠡᠳᠬᠡᠵᠦ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃        ︵ᠵᠢᠷᠭᠤᠭ᠎ᠠ︶ ᠡᠯᠰᠡᠭᠦᠯᠦᠭᠴᠢ ᠡᠷᠬᠡᠪᠰᠢ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯᠲᠡ ᠶᠢᠨ ᠪᠠᠶᠢᠳᠠᠯ ᠢᠶᠠᠨ ᠦᠨᠡᠨ ᠮᠦᠨ ᠢᠶᠠᠷ ᠨᠢ ᠮᠡᠳᠡᠭᠦᠯᠬᠦ ᠬᠡᠷᠡᠭᠲᠡᠢ᠂ ᠬᠡᠷᠪᠡ ᠵᠢᠭᠤᠯᠴᠢᠯᠠᠯ ᠤᠨ ᠲᠡᠦᠬᠡ᠂ ᠰᠠᠭᠤᠷᠢᠰᠢᠭᠰᠠᠨ ᠦᠩᠭᠡᠷᠡᠯᠲᠡ᠂ ᠨᠢᠭᠲᠠ ᠤᠶᠢᠷᠠᠳᠤᠭᠰᠠᠨ ᠦᠩᠭᠡᠷᠡᠯᠲᠡ᠂ ᠠᠶᠠᠯᠠᠯ ᠤᠨ ᠵᠠᠮ ᠮᠦᠷ ᠢᠶᠠᠨ ᠬᠠᠭᠤᠷᠮᠠᠭ ᠢᠶᠠᠷ ᠮᠡᠳᠡᠭᠦᠯᠪᠡᠯ ᠬᠠᠮᠢᠶ᠎ᠠ ᠪᠦᠬᠦᠢ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠰᠢᠯᠭᠠᠭᠤᠯᠤᠭᠰᠠᠳ ᠡᠷᠬᠡᠪᠰᠢ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠪᠠ ᠰᠢᠯᠭᠠᠯᠲᠠ ᠶᠢᠨ ᠲᠠᠯᠠᠪᠠᠢ ᠶᠢᠨ ᠬᠠᠮᠢᠶᠠᠷᠤᠯᠲᠠ ᠶᠢ ᠵᠢᠷᠤᠮᠯᠠᠬᠤ ᠬᠡᠷᠡᠭᠲᠡᠢ᠃
                              ᠬᠤᠩᠱᠠᠨ ᠲᠣᠭᠤᠷᠢᠭ ᠤᠨ ᠲᠤᠲᠤᠭᠠᠲᠤ ᠶᠢ ᠬᠠᠮᠠᠭᠠᠯᠠᠬᠤ                               ᠲᠣᠪᠴᠢᠶᠠᠨ ᠤ ᠢᠯᠡ ᠪᠠᠷ ᠴᠠᠭᠳᠠᠭᠠᠨ ᠤ ᠶᠠᠪᠤᠳᠠᠯ ᠤᠨ                               ᠲᠤᠰᠠᠯᠠᠬᠤ ᠬᠦᠮᠦᠰ ᠡᠯᠰᠡᠬᠦ ᠠᠵᠢᠯ ᠤᠨ ᠤᠳᠤᠷᠢᠳᠬᠤ                               ᠳᠤᠭᠤᠶᠢᠯᠠᠩ ᠤᠨ ᠠᠯᠪᠠᠨ ᠭᠡᠷ                               2022 ᠣᠨ ᠤ 1 ᠰᠠᠷ᠎ᠠ ᠶᠢᠨ 10 ᠤ ᠡᠳᠦᠷ
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号