ᠬᠤᠩᠱᠠᠨ ᠲᠣᠭᠤᠷᠢᠭ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠠᠯᠬᠤᠴᠠ ᠪᠠᠨ ᠲᠦᠷᠭᠡᠪᠴᠢᠯᠡᠨ ᠠᠬᠢᠭᠤᠯᠪᠠ
ᠨᠡᠶᠢᠲᠡᠯᠡᠭᠰᠡᠨ ᠴᠠᠭ᠄
2022/1/13
        ᠬᠤᠩᠱᠠᠨ ᠲᠣᠭᠤᠷᠢᠭ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠠᠯᠬᠤᠴᠠ ᠪᠠᠨ ᠲᠦᠷᠭᠡᠪᠴᠢᠯᠡᠨ ᠠᠬᠢᠭᠤᠯᠪᠠ᠃        ᠨᠢᠭᠡ ᠳᠤ᠂ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠪᠤᠬᠢᠷᠳᠤᠯ ᠦᠭᠡᠢ ᠬᠡᠯᠪᠡᠷᠢ ᠶᠢ ᠦᠭᠡᠷᠡᠴᠢᠯᠡᠨ ᠵᠢᠱᠢᠶ᠎ᠡ ᠦᠵᠡᠭᠦᠯᠬᠦ ᠤᠷᠤᠨ ᠢ ᠲᠦᠪᠯᠡᠷᠡᠭᠦᠯᠦᠨ ᠪᠠᠶᠢᠭᠤᠯᠵᠤ᠂ ᠠᠵᠤ ᠦᠢᠯᠡᠰ ᠢᠶᠠᠷ ᠲᠤᠰᠬᠤᠨ ᠢ ᠮᠠᠨᠳᠤᠭᠤᠯᠬᠤ ᠶᠢ ᠳᠤᠪᠤᠶᠢᠮ᠎ᠠ ᠰᠠᠶᠢᠲᠤᠷ ᠠᠳᠬᠤᠵᠤ᠂ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠰᠠᠭᠤᠷᠢ ᠮᠦᠩᠭᠦ᠂ ᠬᠦᠳᠡᠭᠡ ᠲᠤᠰᠬᠤᠨ ᠤ ᠦᠮᠴᠢᠯᠡᠯ ᠤᠨ ᠡᠷᠬᠡ ᠶᠢᠨ ᠰᠤᠯᠢᠯᠴᠠᠭᠠᠨ ᠤ ᠲᠠᠪᠴᠠᠩ ᠪᠠ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠠᠭᠤᠷᠠᠢ ᠲᠠᠷᠢᠶᠠᠯᠠᠭ᠎ᠠ ᠶᠢᠨ ᠦᠨᠳᠦᠷ ᠪᠠᠷᠢᠮᠵᠢᠶᠠᠲᠤ ᠲᠠᠷᠢᠶᠠᠨ ᠭᠠᠵᠠᠷ 1.5 ᠲᠦᠮᠡᠨ ᠮᠦ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ 2000 ᠮᠦ ᠬᠡᠷᠡᠭᠵᠢᠭᠦᠯᠵᠦ᠂ ᠤᠳᠤ ᠥᠶ᠎ᠡ ᠶᠢᠨ ᠲᠠᠷᠢᠶᠠᠯᠠᠩ ᠤᠨ ︽ᠬᠤᠶᠠᠷ ᠢ ᠵᠠᠯᠭᠠᠨ ᠭᠤᠷᠪᠠ ᠶᠢ ᠬᠤᠯᠪᠤᠬᠤ︾ ᠪᠦᠬᠦ ᠬᠡᠯᠬᠢᠶᠡᠰᠦ ᠶᠢᠨ ᠬᠦᠭᠵᠢᠯᠲᠡ ᠶᠢ ᠠᠬᠢᠭᠤᠯᠵᠤ᠂ ᠪᠦᠬᠦ ᠵᠢᠯ ᠤᠨ ᠰᠢᠨ᠎ᠡ ᠪᠠᠷ ᠨᠡᠮᠡᠭᠳᠡᠭᠰᠡᠨ ︽ᠭᠤᠷᠪᠠᠨ ᠲᠠᠸᠠᠷ ᠨᠢᠭᠡ ᠪᠠᠷᠢᠮᠵᠢᠶ᠎ᠡ︾ 5 ᠪᠠᠶᠢᠵᠤ᠂ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ 5 ᠡᠷᠦᠬᠡ ᠪᠤᠢ᠃        ᠬᠤᠶᠠᠷ ᠲᠤ᠂ ᠲᠠᠬᠢᠨ ᠶᠠᠳᠠᠭᠤᠷᠠᠯ ᠢ ᠰᠡᠷᠭᠡᠶᠢᠯᠡᠨ ᠪᠠᠶᠢᠴᠠᠭᠠᠬᠤ ᠪᠠ ᠬᠠᠪᠰᠤᠷᠤᠨ ᠳᠡᠳᠬᠦᠬᠦ ᠲᠤᠭᠲᠠᠴᠠ  ᠶᠢ ᠲᠡᠭᠦᠯᠳᠡᠷᠵᠢᠭᠦᠯᠦᠨ᠂ ᠤᠯᠠᠨ ᠲᠦᠮᠡᠨ ᠤ ᠵᠢᠩᠬᠢᠨᠢ ᠪᠠᠷ ᠶᠠᠳᠠᠭᠤ ᠠᠴᠠ ᠠᠩᠭᠢᠵᠢᠷᠠᠵᠤ᠂ ᠲᠠᠬᠢᠨ ᠶᠠᠳᠠᠭᠤᠷᠠᠬᠤ ᠦᠭᠡᠢ ᠪᠠᠶᠢᠬᠤ ᠶᠢ ᠪᠠᠲᠤᠯᠠᠪᠠ᠃        ᠭᠤᠷᠪᠠ ᠳᠤ᠂ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠳᠤᠪᠤᠶᠢᠮ᠎ᠠ ᠰᠠᠶᠢᠲᠤᠷ ᠠᠳᠬᠤᠵᠤ᠂ ᠡᠯ ᠳ᠋ᠤᠤ ᠵᠢᠩᠽᠢ᠂ ᠳ᠋ᠦᠩ ᠨᠠᠨ ᠶᠢᠩᠽᠢ᠂ ᠯᠢᠦ ᠲᠢᠶᠤᠤ ᠭᠧᠦ ᠭᠤᠷᠪᠠᠨ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠤᠰᠬᠤᠨ ᠢ ᠳᠡᠰ ᠳᠡᠪᠰᠢᠭᠦᠯᠦᠨ ᠦᠭᠡᠷᠡᠴᠢᠯᠡᠬᠦ ᠶᠢ ᠬᠡᠷᠡᠭᠵᠢᠭᠦᠯᠦᠨ᠂ ᠬᠦᠮᠦᠨ ᠰᠠᠭᠤᠭᠠᠯᠢ ᠶᠢᠨ ᠤᠷᠴᠢᠨ ᠲᠣᠭᠤᠷᠢᠨ᠂ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ᠂ ᠤᠯᠠᠨ ᠨᠡᠶᠢᠲᠡ ᠶᠢᠨ ᠦᠢᠯᠡᠴᠢᠯᠡᠭᠡ᠂ ᠪᠠᠷᠢᠯᠭ᠎ᠠ ᠶᠢᠨ ᠳᠦᠷᠰᠦ ᠪᠠᠶᠢᠳᠠᠯ ᠤᠨ ᠳᠡᠭᠡᠭᠰᠢᠯᠡᠯᠲᠡ ᠶᠢᠨ ᠠᠵᠢᠯᠯᠠᠭ᠎ᠠ ᠶᠢ ᠠᠬᠢᠭᠤᠯᠤᠨ᠂ ᠨᠠᠨ ᠳ᠋ᠠ ᠶᠢᠩᠽᠢ ᠵᠠᠰᠠᠮᠠᠯ ᠵᠠᠮ ᠤᠨ ᠦᠭᠡᠷᠡᠴᠢᠯᠡᠨ ᠪᠠᠶᠢᠭᠤᠯᠤᠯᠲᠠ  ᠂ ᠰᠠᠨ ᠳ᠋ᠤᠤ ᠶᠢᠩᠽᠢ ᠶᠢᠨ ᠬᠤᠲᠠ ᠶᠢᠨ ᠶᠠᠪᠤᠳᠠᠯ ᠤᠨ ᠲᠤᠤᠷᠵᠢᠯ ᠤᠨ ᠪᠠᠶᠢᠭᠤᠯᠤᠯᠲᠠ ᠶᠢ ᠲᠦᠷᠭᠡᠳᠬᠡᠵᠦ᠂  ᠬᠤᠲᠠ ᠬᠦᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯᠵᠢᠬᠦ ᠬᠠᠮᠲᠤᠪᠡᠷ ᠡᠳ᠋ᠯᠡᠬᠦ ᠶᠢ ᠠᠬᠢᠭᠤᠯᠪᠠ᠃        ᠳᠦᠷᠪᠡ ᠳᠤ᠂ ᠬᠦᠳᠡᠭᠡ ᠲᠤᠰᠬᠤᠨ ᠤ ᠬᠦᠮᠦᠨ ᠰᠠᠭᠤᠭᠠᠯᠢ ᠶᠢᠨ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠳᠤᠪᠤᠶᠢᠮ᠎ᠠ ᠰᠠᠶᠢᠲᠤᠷ ᠠᠳᠬᠤᠵᠤ᠂ ᠡᠯ ᠳ᠋ᠣᠣ ᠵᠢᠩᠽᠢ ᠶᠢᠨ ᠱᠠᠨ ᠡᠾᠦ᠋ᠩ ᠭᠸᠦ ᠤᠨ ᠤᠷᠤᠰᠬᠠᠯ ᠤᠷᠤᠨ ᠤ ᠠᠮᠢ ᠠᠬᠤᠢ ᠶᠢ ᠶᠡᠷᠦᠩᠬᠡᠶᠢᠯᠡᠨ ᠴᠡᠭᠴᠡᠯᠡᠨ ᠵᠠᠰᠠᠵᠤ᠂ 7000 ᠮᠦ ᠤᠢ ᠶᠢ ᠦᠭᠡᠷᠡᠴᠢᠯᠡᠨ ᠵᠠᠰᠠᠭᠰᠠᠨ ᠪᠠ ᠰᠡᠷᠭᠦᠭᠡᠵᠦ᠂ ︽ᠵᠤᠷᠯᠤᠩ ᠤᠨ ᠬᠤᠪᠢᠰᠬᠠᠯ︾ ᠤᠨ ᠦᠷ᠎ᠡ ᠪᠦᠲᠦᠭᠡᠯ ᠢ ᠪᠠᠲᠤᠵᠢᠭᠤᠯᠤᠨ᠂ ᠬᠦᠳᠡᠭᠡ ᠲᠤᠰᠬᠤᠨ  ᠤ ᠠᠮᠢᠳᠤᠷᠠᠯ ᠤᠨ ᠪᠤᠬᠢᠷ ᠤᠰᠤ ᠶᠢ ᠰᠢᠢᠳᠪᠦᠷᠢᠯᠡᠬᠦ ᠨᠣᠷᠮ᠎ᠠ᠂ ᠬᠤᠭ ᠯᠤᠪᠰᠢ ᠶᠢ ᠴᠡᠭᠴᠡᠯᠡᠨ ᠵᠠᠰᠠᠬᠤ ᠨᠣᠷᠮ᠎ᠠ 70% ᠪᠠ 90% ᠠᠴᠠ ᠳᠡᠭᠡᠭᠰᠢ ᠬᠦᠷᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号