ᠬᠤᠩᠱᠠᠨ ᠲᠤᠭᠤᠷᠢᠭ ᠤᠨ ᠤᠳᠤ ᠥᠶ᠎ᠡ ᠶᠢᠨ ᠦᠢᠯᠡᠴᠢᠯᠡᠭᠡᠨ ᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠲᠠᠰᠤᠷᠠᠯᠲᠠ ᠦᠭᠡᠢ ᠴᠢᠩᠭᠠᠷᠠᠵᠤ᠂ ᠠᠵᠤ ᠦᠢᠯᠡᠰ ᠤᠨ ᠡᠵᠡᠯᠡᠬᠦ ᠬᠠᠷᠢᠴᠠᠯ 60.3% ᠬᠦᠷᠪᠡ
ᠨᠡᠶᠢᠲᠡᠯᠡᠭᠰᠡᠨ ᠴᠠᠭ᠄
2022/1/13
       ᠬᠤᠩᠱᠠᠨ ᠲᠤᠭᠤᠷᠢᠭ ᠤᠨ ᠤᠳᠤ ᠥᠶ᠎ᠡ ᠶᠢᠨ ᠦᠢᠯᠡᠴᠢᠯᠡᠭᠡᠨ ᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠲᠠᠰᠤᠷᠠᠯᠲᠠ ᠦᠭᠡᠢ ᠴᠢᠩᠭᠠᠷᠠᠵᠤ᠂ ᠠᠵᠤ ᠦᠢᠯᠡᠰ ᠤᠨ ᠡᠵᠡᠯᠡᠬᠦ ᠬᠠᠷᠢᠴᠠᠯ 60.3% ᠬᠦᠷᠪᠡ᠃        ᠨᠢᠭᠡ ᠳᠤ᠂ ᠬᠤᠩᠱᠠᠨ ᠲᠣᠭᠤᠷᠢᠭ ᠤᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠭᠦᠢᠴᠡᠳᠬᠡᠭᠰᠡᠨ ᠪᠠᠷᠠᠭᠠᠨ ᠭᠦᠢᠯᠭᠡᠭᠡᠨ ᠤ ᠶᠡᠷᠦᠩᠬᠡᠢ ᠲᠤᠭ᠎ᠠ 515 ᠳ᠋ᠦᠩᠰᠢᠭᠤᠷ ᠲᠦᠭᠦᠷᠢᠭ ᠬᠦᠷᠴᠦ᠂ ᠭᠠᠶᠢᠯᠢ 10.6 ᠳ᠋ᠦᠩᠰᠢᠭᠤᠷ ᠲᠦᠭᠦᠷᠢᠭ᠂ ᠨᠡᠶᠢᠲᠡ ᠲᠦᠪᠬᠢᠨᠡᠭᠦᠯᠦᠭᠰᠡᠨ ᠠᠵᠢᠯ ᠣᠯᠭᠤᠯᠲᠠ 4.7 ᠲᠦᠮᠡᠨ ᠬᠦᠮᠦᠨ ᠪᠣᠢ᠃        ᠬᠤᠶᠠᠷ ᠲᠤ᠂ ᠤᠯᠠᠭᠠᠨᠬᠠᠳᠠ ᠶᠢᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠢᠰᠲ᠋ᠧᠮ ᠢ ᠪᠦᠲᠦᠮᠵᠢᠲᠡᠢ ᠪᠠᠶᠢᠭᠤᠯᠵᠤ᠂ B2B ᠭᠠᠳᠠᠭᠠᠳᠤ ᠳᠤ ᠭᠠᠷᠭᠠᠬᠤ ᠠᠵᠢᠯ ᠤᠨ ᠬᠡᠯᠪᠡᠷᠢ ᠵᠢᠩᠬᠢᠨᠢ ᠪᠠᠷ ᠨᠠᠶᠢᠳᠠᠪᠤᠷᠢᠵᠢᠪᠠ᠃ ᠤᠯᠠᠨ ᠤᠯᠤᠰ ᠤᠨ ᠲᠦᠷᠭᠡᠨ ᠬᠦᠷᠭᠡᠯᠲᠡ ᠶᠢᠨ ᠬᠢᠨᠠᠨ ᠬᠠᠮᠢᠶᠠᠷᠤᠯᠲᠠ ᠶᠢᠨ ᠲᠥᠪ ᠤᠨ ᠲᠠᠯᠠᠪᠤᠷ ᠶᠢᠨ ᠦᠭᠡᠷᠡᠴᠢᠯᠡᠨ ᠵᠠᠰᠠᠯᠲᠠ ᠶᠢᠨ ᠢᠨᠵᠧᠨᠧᠷᠢᠩ ᠪᠦᠬᠦᠨ ᠢᠶᠠᠷ ᠢᠶᠠᠨ ᠠᠵᠢᠯ ᠳᠠᠭᠤᠰᠪᠠ᠃ ᠶᠡᠷᠦᠩᠬᠡᠶᠢᠯᠡᠭᠰᠡᠨ ᠭᠠᠶᠢᠯᠢ ᠶᠢ ᠪᠠᠲᠤᠯᠠᠬᠤ ᠤᠷᠤᠨ ᠢ ᠡᠷᠡᠮᠡᠯᠵᠡᠨ ᠪᠠᠶᠢᠭᠤᠯᠬᠤ ᠠᠵᠢᠯ ᠡᠮᠬᠢ ᠴᠡᠭᠴᠡᠲᠡᠢ ᠦᠷᠨᠢᠪᠡ᠃        ᠭᠤᠷᠪᠠ ᠳᠤ᠂ ᠲᠤᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠪᠠᠶᠢᠭᠤᠯᠤᠯᠲᠠ ᠶᠢ ᠡᠬᠢᠯᠡᠭᠦᠯᠵᠦ᠂ ᠦᠪᠦᠷ ᠮᠤᠩᠭᠤᠯ ᠤᠨ ᠵᠡᠭᠦᠨ ᠬᠡᠰᠡᠭ ᠤᠨ ᠰᠦᠯᠵᠢᠶᠡᠨ ᠤᠳᠤᠳ ᠤᠨ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠳᠠᠭᠰᠢ ᠴᠢᠯᠦᠭᠡᠲᠡᠢ ᠨᠡᠭᠡᠭᠡᠪᠡ᠃        ᠳᠦᠷᠪᠡ ᠳᠤ᠂ ᠭᠤᠤᠯᠯᠠᠭᠴᠢ ᠠᠷᠠᠯᠵᠢᠶᠠᠨ ᠤ ᠴᠠᠭᠠᠷᠢᠭ ᠢ ᠦᠷᠨᠢᠭᠦᠨ ᠬᠦᠭᠵᠢᠭᠦᠯᠵᠦ᠂ ᠸᠧᠢ ᠳ᠋ᠦᠸᠧ ᠯᠢ ᠮᠦᠸᠧ ᠡᠯ ᠴᠧᠩ ᠠᠵᠢᠯ ᠳᠠᠭᠤᠰᠤᠨ ᠡᠵᠡᠩᠨᠡᠯᠲᠡ ᠡᠬᠢᠯᠡᠵᠦ᠂ ᠵᠦᠩ ᠯᠢᠶᠠᠨ ᠴᠠᠭ ᠥᠶ᠎ᠡ ᠶᠢᠨ ᠲᠠᠯᠠᠪᠤᠷ ᠭᠤᠤᠯ ᠴᠤᠭᠴᠠ ᠶᠢᠨ ᠪᠠᠶᠢᠭᠤᠯᠤᠯᠲᠠ ᠪᠠᠨ ᠳᠠᠭᠤᠰᠬᠠᠵᠤ᠂ ᠰᠢᠨᠬᠤᠸᠠ ᠶᠠᠪᠠᠭᠠᠨ ᠵᠡᠭᠡᠯᠢ ᠶᠢᠨ ᠦᠭᠡᠷᠡᠴᠢᠯᠡᠨ ᠪᠠᠶᠢᠭᠤᠯᠬᠤ ᠢᠨᠵᠧᠨᠧᠷᠢᠩ ᠢ ᠲᠤᠭᠲᠠᠭᠤᠨ ᠠᠬᠢᠭᠤᠯᠪᠠ᠃ ᠲᠢᠶᠠᠨ ᠷᠦᠢ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠡᠵᠡᠩᠨᠡᠯᠲᠡ ᠡᠬᠢᠯᠡᠪᠡ᠃        ᠲᠠᠪᠤ ᠳᠤ᠂ ᠵᠢᠭᠤᠯᠴᠢᠯᠠᠯ ᠤᠨ ᠦᠢᠯᠡᠰ ᠤᠨ ᠪᠦᠬᠦ ᠤᠷᠤᠨ ᠬᠡᠪᠴᠢᠶᠡᠨ ᠤ ᠬᠦᠭᠵᠢᠯᠲᠡ ᠶᠢ ᠲᠦᠯᠬᠢᠨ ᠠᠬᠢᠭᠤᠯᠵᠤ᠂ ᠪᠦᠬᠦ ᠵᠢᠯ ᠤᠨ ᠨᠡᠶᠢᠲᠡ ᠬᠦᠯᠢᠶᠡᠨ ᠵᠣᠴᠢᠯᠠᠭᠰᠠᠨ ᠵᠢᠭᠤᠯᠴᠢᠯᠠᠭᠰᠠᠳ 265 ᠲᠦᠮᠡᠨ ᠬᠦᠮᠦᠨ ᠤᠳᠠᠭ᠎ᠠ ᠪᠠᠶᠢᠵᠤ᠂ ᠵᠢᠭᠤᠯᠴᠢᠯᠠᠯ ᠤᠨ ᠣᠷᠤᠯᠭ᠎ᠠ 59 ᠳ᠋ᠦᠩᠰᠢᠭᠤᠷ ᠲᠦᠭᠦᠷᠢᠭ ᠢ ᠪᠡᠶᠡᠯᠡᠭᠦᠯᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号