ᠬᠤᠩᠱᠠᠨ ᠲᠣᠭᠤᠷᠢᠭ ᠵᠢᠷᠭᠤᠭᠠᠨ ᠠᠷᠭ᠎ᠠ ᠠᠪᠴᠠᠯ ᠢᠶᠠᠷ ᠠᠮᠢ ᠠᠬᠤᠢ ᠶᠢᠨ ᠣᠷᠴᠢᠨ ᠲᠣᠭᠤᠷᠢᠨ ᠤ | ᠴᠡᠭᠴᠡᠯᠡᠨ ᠵᠠᠰᠠᠯᠲᠠ ᠶᠢ ᠰᠢᠰᠲ᠋ᠧᠮ ᠲᠠᠢ ᠠᠬᠢᠭᠤᠯᠪᠠ᠃ | ᠨᠢᠭᠡ᠂ ︽ᠭᠤᠣᠯ ᠤᠨ ᠳᠠᠷᠤᠭ᠎ᠠ︾ ᠶᠢᠨ ᠳᠦᠷᠢᠮ ᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ | ᠳᠦᠷᠪᠡᠨ ᠳᠡᠰ ᠤᠨ ᠭᠤᠣᠯ ᠤᠨ ᠳᠠᠷᠤᠭ᠎ᠠ ᠤᠷᠢᠳ ᠬᠤᠵᠢᠳ 1832 ᠤᠳᠠᠭᠠᠨ ᠤ ᠭᠤᠣᠯ ᠮᠦᠷᠡᠨ ᠤ | ᠪᠠᠶᠢᠴᠠᠭᠠᠯᠲᠠ ᠦᠷᠨᠢᠭᠦᠯᠵᠦ᠂ 13 ᠭᠤᠣᠯ ᠰᠡᠪᠡ ᠶᠢᠨ ︽ᠳᠦᠷᠪᠡᠨ ᠪᠣᠬᠢᠷ︾ ᠤᠨ ᠠᠰᠠᠭᠤᠳᠠᠯ ᠢ ᠪᠠᠶᠢᠩᠭᠤ | ᠴᠡᠭᠴᠡᠯᠡᠨ ᠰᠢᠢᠳᠪᠦᠷᠢᠯᠡᠵᠦ᠂ ᠨᠡᠶᠢᠲᠡ 1.2 ᠲᠦᠮᠡᠨ ᠺᠦᠪ ᠮᠧᠲᠷ ᠭᠤᠣᠯ ᠤᠨ ᠬᠦᠪᠡᠭᠡ ᠰᠠᠪᠠ ᠶᠢᠨ ᠡᠯ᠎ᠡ | ᠲᠦᠷᠦᠯ ᠤᠨ ᠬᠤᠭ ᠯᠣᠪᠰᠢ ᠶᠢ ᠴᠡᠪᠡᠷᠯᠡᠨ ᠠᠷᠢᠯᠭᠠᠪᠠ᠃ | ᠬᠤᠶᠠᠷ᠂ ︽ᠤᠯᠠᠭᠠᠨᠬᠠᠳᠠ ᠬᠤᠲᠠ ᠶᠢᠨ ᠭᠤᠣᠯ ᠤᠨ ᠤᠷᠤᠰᠬᠠᠯ ᠰᠠᠪᠠ ᠶᠢᠨ ᠠᠮᠢ ᠠᠬᠤᠢ ᠶᠢᠨ | ᠭᠤᠳᠤᠮ ᠤᠨ ᠴᠡᠭᠴᠡᠯᠡᠨ ᠵᠠᠰᠠᠯᠲᠠ ᠶᠢᠨ ᠠᠵᠢᠯ ᠤᠨ ᠲᠥᠰᠦᠯ︾ ᠢ ᠴᠢᠩᠭ᠎ᠠ ᠨᠠᠶᠢᠳᠠᠪᠤᠷᠢᠵᠢᠭᠤᠯᠵᠤ᠂ ᠲᠡᠭᠡᠷᠮ᠎ᠡ | ᠶᠢᠨ ᠭᠤᠤ᠂ ᠱᠠᠨ ᠡᠾᠦ᠋ᠩ ᠭᠸᠦ ᠶᠢᠨ ᠴᠡᠭᠴᠡᠯᠡᠨ ᠵᠠᠰᠠᠯᠲᠠ ᠶᠢᠨ ᠢᠨᠵᠧᠨᠧᠷᠢᠩ᠂ ᠵᠤᠰᠤᠲᠤ ᠶᠢᠨ ᠭᠤᠣᠯ ᠤᠨ | ᠰᠠᠪᠠ ᠭᠠᠵᠠᠷ ᠤᠨ ᠠᠮᠢ ᠠᠬᠤᠢ ᠶᠢᠨ ᠴᠡᠭᠴᠡᠯᠡᠨ ᠵᠠᠰᠠᠯᠲᠠ ᠪᠠ ᠭᠤᠤᠯ ᠤᠨ ᠰᠠᠪᠠ ᠭᠠᠵᠠᠷ ᠤᠨ ᠤᠶᠤᠨᠴᠢᠯᠠᠭᠰᠠᠨ | ᠬᠢᠨᠠᠨ ᠬᠠᠮᠢᠶᠠᠷᠤᠯᠲᠠ ᠶᠢᠨ ᠢᠨᠵᠧᠨᠧᠷᠢᠩ ᠢ ᠡᠬᠢᠯᠡᠭᠦᠯᠵᠦ᠂ ᠲᠤᠭᠤᠷᠢᠭ ᠤᠨ ᠤᠰᠤᠨ ᠤ ᠠᠮᠢ ᠠᠬᠤᠢ ᠶᠢᠨ ᠣᠷᠴᠢᠨ | ᠲᠣᠭᠤᠷᠢᠨ ᠢ ᠤᠯᠠᠮ ᠨᠢᠭᠡ ᠠᠯᠬᠤᠮ ᠦᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠪᠠ᠃ | ᠭᠤᠷᠪᠠ᠂ ᠤᠰᠤ ᠭᠠᠷᠭᠠᠬᠤ ᠠᠰᠢᠭᠯᠠᠬᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠤᠰᠤ ᠬᠡᠷᠡᠭᠯᠡᠬᠦ | ᠶᠡᠷᠦᠩᠬᠡᠢ ᠬᠡᠮᠵᠢᠶ᠎ᠡ ᠶᠢ ᠡᠵᠡᠮᠳᠡᠬᠦ ᠶᠢ ᠬᠡᠷᠡᠭᠵᠢᠭᠦᠯᠦᠨ᠂ ᠤᠰᠤᠨ ᠤ ᠡᠬᠢ ᠰᠣᠷᠪᠤᠯᠵᠢ ᠶᠢ ᠲᠦᠯᠦᠪᠦᠷᠢ ᠲᠠᠢ ᠬᠡᠷᠡᠭᠯᠡᠬᠦ | ᠪᠠ ᠨᠣᠷᠮᠠᠴᠢᠯᠠᠨ ᠬᠠᠮᠢᠶᠠᠷᠬᠤ ᠳᠦᠷᠢᠮ ᠢ ᠲᠡᠭᠦᠯᠳᠡᠷᠵᠢᠭᠦᠯᠵᠦ᠂ ᠲᠠᠷᠢᠶᠠᠯᠠᠩ ᠤᠨ ᠤᠰᠤᠨ ᠤ ᠬᠠᠩᠰᠢ ᠶᠢᠨ | ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠲᠤᠷᠰᠢᠯᠲᠠ ᠶᠢᠨ ᠴᠡᠭ ᠢᠶᠠᠷ ᠠᠬᠢᠭᠤᠯᠵᠤ᠂ ᠬᠤᠩ ᠮᠢᠶᠤᠤᠽᠢ ᠪᠠᠯᠭᠠᠰᠤᠨ ᠤ | ᠦᠨᠳᠦᠷ ᠦᠷ᠎ᠡ ᠠᠰᠢᠭᠲᠤ ᠤᠰᠤ ᠠᠷᠪᠢᠯᠠᠬᠤ ᠲᠠᠷᠢᠶᠠᠨ ᠭᠠᠵᠠᠷ ᠮᠦ ᠪᠦᠷᠢ 150 -250 ᠺᠦᠪ ᠤᠰᠤ ᠠᠷᠪᠢᠯᠠᠵᠤ | ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠤᠨ ᠤ ᠨᠤᠮᠧᠷ ᠢ ᠬᠠᠰᠤᠬᠤ ᠶᠢ ᠪᠡᠶᠡᠯᠡᠭᠦᠯᠪᠡ᠂ | ᠭᠡᠮᠵᠢᠯᠲᠡ ᠶᠢᠨ ᠴᠡᠭ ᠤᠨ ᠤᠰᠤᠨ ᠲᠦᠪᠰᠢᠨ ᠤ ᠳᠡᠭᠡᠭᠰᠢᠯᠡᠬᠦ ᠬᠡᠮᠵᠢᠶ᠎ᠡ ᠦᠪᠡᠷᠲᠡᠭᠡᠨ ᠵᠠᠰᠠᠬᠤ ᠣᠷᠤᠨ ᠳᠤ | ᠲᠡᠷᠢᠭᠦᠨ ᠪᠠᠶᠢᠷᠢᠨ ᠳᠤ ᠵᠢᠭᠰᠠᠪᠠ᠃ | ᠳᠦᠷᠪᠡ᠂ ︽ᠣᠢ ᠶᠢᠨ ᠳᠠᠷᠤᠭ᠎ᠠ︾ ᠶᠢᠨ ᠳᠦᠷᠢᠮ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠬᠠᠷᠢᠭᠤᠴᠠᠯᠭ᠎ᠠ ᠶᠢᠨ ᠤᠷᠤᠨ ᠬᠡᠪᠴᠢᠶ᠎ᠡ ᠪᠠ ᠴᠡᠭᠴᠡᠯᠡᠨ ᠵᠠᠰᠠᠯᠲᠠ ᠶᠢᠨ ᠲᠤᠤᠷᠵᠢᠯ ᠢ ᠬᠤᠪᠢᠶᠠᠷᠢᠯᠠᠵᠤ᠂ ᠭᠤᠷᠪᠠᠨ | ᠳᠡᠰ ᠤᠨ ᠤᠢ ᠶᠢᠨ ᠳᠠᠷᠤᠭ᠎ᠠ ᠤᠢ ᠶᠢ ᠬᠠᠮᠢᠶᠠᠷᠴᠤ ᠤᠶᠢᠵᠢᠭᠤᠯᠤᠯᠲᠠ ᠶᠢ ᠠᠬᠢᠭᠤᠯᠬᠤ ᠬᠠᠷᠢᠭᠤᠴᠠᠯᠭ᠎ᠠ ᠪᠠᠨ | ᠲᠠᠰᠤᠷᠠᠯᠲᠠ ᠦᠭᠡᠢ ᠪᠤᠳᠠᠲᠠᠶᠢᠵᠢᠭᠤᠯᠤᠨ ᠯᠠᠪᠰᠢᠷᠠᠭᠤᠯᠪᠠ᠃ | ᠲᠠᠪᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠠᠤᠯᠢ ᠴᠠᠭᠠᠵᠠ ᠶᠢᠨ ᠬᠤᠯᠪᠤᠭᠠᠯᠠᠨ | ᠬᠦᠳᠡᠯᠦᠯᠴᠡᠬᠦ ᠲᠤᠭᠲᠠᠴᠠ ᠶᠢ ᠴᠢᠩᠭᠠᠳᠬᠠᠨ᠂ 106 ᠦᠪᠡᠷᠲᠡᠭᠡᠨ ᠵᠠᠰᠠᠬᠤ ᠣᠷᠤᠨ ᠤ ᠤᠢ ᠶᠢ ᠡᠪᠳᠡᠵᠦ | ᠰᠦᠢᠳᠬᠡᠭᠰᠡᠨ ᠲᠤᠭᠲᠠᠭᠠᠯ ᠵᠦᠷᠢᠴᠡᠵᠦ ᠬᠠᠤᠯᠢ ᠵᠦᠷᠢᠴᠡᠭᠰᠡᠨ ᠠᠰᠠᠭᠤᠳᠠᠯ ᠬᠡᠷᠡᠭ᠂ ᠠᠰᠠᠭᠤᠯᠲᠠ ᠶᠢᠨ ᠵᠢᠷᠤᠭ | ᠤᠨ ᠲᠤᠯᠪᠤ ᠪᠠ ᠤᠢ ᠶᠢᠨ ᠱᠠᠪᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠵᠢᠷᠤᠭ ᠤᠨ ᠲᠤᠯᠪᠤ ᠶᠢ ᠪᠥᠬᠦᠨ ᠢ | ᠬᠠᠰᠤᠵᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠳᠦᠷᠢᠮ ᠵᠦᠷᠢᠴᠡᠭᠰᠡᠨ ᠪᠠᠷᠢᠯᠭ᠎ᠠ ᠶᠢ ᠨᠤᠷᠠᠭᠠᠬᠤ᠂ ᠤᠷᠭᠤᠮᠠᠯ | ᠤᠨ ᠪᠦᠷᠬᠦᠴᠡ ᠶᠢ ᠰᠡᠷᠭᠦᠭᠡᠬᠦ ︽ᠭᠤᠷᠪᠡ ᠶᠢ ᠪᠠᠷᠢᠮᠵᠢᠶᠡᠨ ᠳᠤ ᠬᠦᠷᠭᠡᠪᠡ︾᠃ | ᠵᠢᠷᠭᠤᠭ᠎ᠠ᠂ ᠲᠠᠷᠢᠶᠠᠯᠠᠩ ᠤᠨ ᠤᠯᠠᠨ ᠡᠬᠢᠳᠦ ᠪᠤᠬᠢᠷᠲᠤᠯ ᠢ ᠴᠡᠭᠴᠡᠯᠡᠨ ᠵᠠᠰᠠᠬᠤ ᠶᠢ ᠴᠢᠩᠭᠠᠳᠬᠠᠨ᠂ ᠭᠡᠷ | ᠤᠨ ᠲᠡᠵᠢᠭᠡᠪᠦᠷᠢ ᠵᠢᠭᠦᠷᠲᠡᠨ ᠤ ᠢᠯᠭᠠᠳᠠᠰᠤ ᠪᠤᠬᠢᠷ ᠢ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ ᠤᠨ | ᠪᠠᠶᠢᠭᠤᠯᠤᠯᠲᠠ ᠶᠢ ᠪᠤᠳᠠᠲᠠᠢ ᠪᠠᠷ ᠡᠬᠢᠯᠡᠨ ᠬᠡᠷᠡᠭᠵᠢᠭᠦᠯᠪᠡ᠂ ᠲᠤᠭᠤᠷᠢᠭ ᠤᠨ ᠲᠠᠷᠢᠶᠠᠨ ᠡᠮ ᠢ ᠬᠡᠷᠡᠭᠯᠡᠬᠦ ᠬᠡᠮᠵᠢᠶ᠎ᠡ | 12.7% ᠪᠠᠷ ᠪᠠᠭᠠᠰᠴᠤ᠂ ᠰᠦᠯᠢᠶᠤᠤ ᠪᠦᠷᠬᠦᠪᠴᠢ ᠶᠢᠨ ᠲᠤᠬᠠᠢ ᠶᠢᠨ ᠤᠯᠠᠷᠢᠯ ᠤᠨ ᠬᠤᠷᠢᠶᠠᠨ ᠠᠰᠢᠭᠯᠠᠬᠤ | ᠨᠣᠷᠮ᠎ᠠ 85% ᠬᠦᠷᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ | ᠪᠦᠲᠦᠮᠵᠢᠲᠡᠢ ᠰᠠᠶᠢᠵᠢᠷᠠᠪᠠ᠃ | |