ᠬᠤᠩᠱᠠᠨ ᠲᠣᠭᠤᠷᠢᠭ ᠭᠤᠤᠯᠳᠠᠯᠭ᠎ᠠ ᠲᠠᠢ ᠵᠠᠷᠤᠯᠭ᠎ᠠ ᠶᠢ ᠪᠠᠲᠤᠯᠠᠨ᠂ ᠠᠷᠠᠳ ᠤᠨ ᠠᠮᠢᠳᠤᠷᠠᠯ ᠤᠨ ᠰᠠᠭᠤᠷᠢ ᠱᠤᠭᠤᠮ ᠢ ᠦᠨᠡᠨᠬᠦ ᠪᠠᠲᠤᠵᠢᠭᠤᠯᠪᠠ
ᠨᠡᠶᠢᠲᠡᠯᠡᠭᠰᠡᠨ ᠴᠠᠭ᠄
2022/1/14
        ᠬᠤᠩᠱᠠᠨ ᠲᠣᠭᠤᠷᠢᠭ ᠭᠤᠤᠯᠳᠠᠯᠭ᠎ᠠ ᠲᠠᠢ ᠵᠠᠷᠤᠯᠭ᠎ᠠ ᠶᠢ ᠪᠠᠲᠤᠯᠠᠨ᠂ ᠠᠷᠠᠳ ᠤᠨ ᠠᠮᠢᠳᠤᠷᠠᠯ ᠤᠨ ᠰᠠᠭᠤᠷᠢ ᠱᠤᠭᠤᠮ ᠢ ᠦᠨᠡᠨᠬᠦ ᠪᠠᠲᠤᠵᠢᠭᠤᠯᠪᠠ᠃        2021 ᠣᠨ ᠳᠤ ᠤᠷᠤᠯᠭ᠎ᠠ ᠵᠠᠷᠤᠯᠭ᠎ᠠ ᠶᠢᠨ ᠵᠦᠷᠢᠴᠡᠯ ᠢᠯᠡᠷᠬᠡᠢ ᠪᠠᠶᠢᠳᠠᠯ ᠳᠤᠤᠷ᠎ᠠ᠂ ᠡᠳ᠋ ᠤᠨ ᠵᠠᠰᠠᠭ  ᠤᠨ ᠲᠤᠲᠠᠭᠤᠳᠠᠯ ᠨᠡᠯᠢᠶᠡᠳ ᠶᠡᠭᠡ ᠪᠠᠶᠢᠳᠠᠯ ᠳᠤᠤᠷ᠎ᠠ᠂ ᠳᠡᠭᠡᠷ᠎ᠡ ᠱᠠᠲᠤᠨ ᠠᠴᠠ ᠢᠳᠡᠪᠬᠢᠲᠡᠢ ᠪᠠᠷ ᠬᠠᠮᠢᠶ᠎ᠠ ᠪᠦᠬᠦᠢ ᠪᠡᠯᠡ ᠮᠦᠩᠭᠦ ᠡᠷᠡᠮᠡᠯᠵᠡᠵᠦ᠂  ᠨᠦᠭᠡᠴᠡ ᠶᠢ ᠠᠮᠢᠯᠠᠭᠤᠯᠤᠨ᠂ ᠡᠩ ᠤᠨ ᠵᠠᠷᠤᠯᠭ᠎ᠠ ᠶᠢ ᠪᠠᠭᠠᠰᠬᠠᠬᠤ ᠵᠡᠷᠭᠡ ᠪᠦᠲᠦᠮᠵᠢᠲᠡᠢ ᠠᠷᠭ᠎ᠠ ᠠᠪᠴᠠᠯ ᠢᠶᠠᠷ ᠡᠯ᠎ᠡ ᠲᠦᠷᠦᠯ ᠤᠨ ᠭᠤᠤᠯᠳᠠᠯᠭ᠎ᠠ ᠲᠠᠢ ᠵᠠᠷᠤᠯᠭ᠎ᠠ ᠶᠢᠨ ᠱᠠᠭᠠᠷᠳᠠᠯᠭ᠎ᠠ ᠶᠢ ᠪᠠᠲᠤᠯᠠᠪᠠ᠃        ᠨᠢᠭᠡ᠂ ᠰᠤᠷᠭᠠᠨ ᠬᠦᠮᠦᠵᠢᠯ ᠤᠨ ᠠᠵᠢᠯ ᠦᠢᠯᠡᠰ ᠤᠨ ᠲᠡᠩᠴᠡᠭᠦᠷᠢᠲᠡᠢ ᠬᠦᠭᠵᠢᠯᠲᠡ ᠶᠢ ᠳᠡᠮᠵᠢᠪᠡ᠃ ᠪᠦᠬᠦ ᠵᠢᠯ ᠳᠤ 8.6 ᠳ᠋ᠦᠩᠰᠢᠭᠤᠷ ᠲᠦᠭᠦᠷᠢᠭ ᠤᠨ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠪᠠᠲᠤᠯᠠᠭ᠎ᠠ ᠶᠢᠨ ᠵᠠᠷᠤᠯᠭ᠎ᠠ ᠶᠢ ᠲᠠᠷᠬᠠᠭᠠᠵᠤ᠂ ᠭᠤᠤᠯᠳᠠᠭᠤ ᠡᠯ᠎ᠡ ᠲᠦᠷᠦᠯ ᠤᠨ ᠰᠤᠷᠤᠯᠭ᠎ᠠ ᠶᠢᠨ ᠲᠡᠳᠬᠦᠮᠵᠢ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠳᠤ ᠬᠡᠷᠡᠭᠯᠡᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠪᠠᠶᠢᠷᠢ ᠶᠢᠨ ᠰᠤᠷᠤᠭᠴᠢ ᠶᠢᠨ ᠠᠮᠢᠳᠤᠷᠠᠯ ᠤᠨ ᠨᠦᠬᠦᠪᠦᠷᠢ᠂ ᠡᠩ ᠤᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠳᠡᠳᠬᠦᠮᠵᠢ  ᠶᠢᠨ ᠮᠦᠩᠭᠦ ᠵᠢᠴᠢ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠱᠠᠩᠨᠠᠯ ᠤᠨ ᠮᠦᠩᠭᠦ ᠶᠢ ᠲᠠᠷᠬᠠᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ ᠦᠨᠳᠦᠰᠦᠲᠡᠨ ᠤ ᠰᠤᠷᠭᠠᠨ ᠬᠦᠮᠦᠵᠢᠯ᠂ ᠤᠨᠴᠠᠭᠠᠢ ᠰᠤᠷᠭᠠᠨ ᠬᠦᠮᠦᠵᠢᠯ ᠵᠡᠷᠭᠡ ᠶᠢ ᠳᠡᠮᠵᠢᠵᠦ᠂ ᠰᠤᠷᠭᠠᠨ ᠬᠦᠮᠦᠵᠢᠯ ᠤᠨ ᠠᠵᠢᠯ ᠦᠢᠯᠡᠰ ᠤᠨ ᠡᠷᠭᠡ ᠲᠡᠭᠰᠢ ᠬᠦᠭᠵᠢᠯᠲᠡ ᠶᠢ ᠪᠦᠲᠦᠮᠵᠢᠲᠡᠢ ᠠᠬᠢᠭᠤᠯᠪᠠ᠃        ᠬᠤᠶᠠᠷ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠠᠬᠢ ᠤᠷᠤᠭᠤᠯᠤᠯᠲᠠ ᠪᠠᠨ ᠦᠨᠡᠨᠬᠦ ᠨᠡᠮᠡᠭᠳᠡᠭᠦᠯᠪᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠦᠩᠭᠦ 1233 ᠲᠦᠮᠡᠨ ᠲᠦᠭᠦᠷᠢᠭ ᠲᠠᠷᠬᠠᠭᠠᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ︔ ᠬᠤᠲᠠ ᠪᠠᠯᠭᠠᠰᠤᠨ ᠤ ᠳᠤᠤᠷ᠎ᠠ ᠪᠠᠲᠤᠯᠠᠭ᠎ᠠ ᠶᠢᠨ ᠮᠦᠩᠭᠦ 2469 ᠲᠦᠮᠡᠨ ᠲᠦᠭᠦᠷᠢᠭ ᠲᠠᠷᠬᠠᠭᠠᠵᠤ᠂ 44315 ᠬᠦᠮᠦᠨ ᠳᠤ ᠠᠰᠢᠭ ᠬᠦᠷᠲᠡᠭᠡᠪᠡ︔ ᠬᠦᠳᠡᠭᠡ ᠲᠤᠰᠬᠤᠨ ᠤ ᠳᠤᠤᠷ᠎ᠠ ᠪᠠᠲᠤᠯᠠᠭ᠎ᠠ ᠶᠢᠨ ᠮᠦᠩᠭᠦ 836 ᠲᠦᠮᠡᠨ ᠲᠦᠭᠦᠷᠢᠭ ᠲᠠᠷᠬᠠᠭᠠᠵᠤ᠂ 31754 ᠬᠦᠮᠦᠨ ᠳᠤ ᠠᠰᠢᠭ ᠬᠦᠷᠲᠡᠭᠡᠪᠡ︔ ᠤᠨᠴᠠ ᠬᠦᠴᠢᠷᠲᠡᠢ ᠬᠦᠮᠦᠰ ᠢ ᠠᠰᠠᠷᠠᠨ ᠬᠠᠯᠠᠮᠵᠢᠯᠠᠬᠤ ᠪᠡᠯᠡ ᠮᠦᠩᠭᠦ 342 ᠲᠦᠮᠡᠨ ᠲᠦᠭᠦᠷᠢᠭ ᠲᠠᠷᠬᠠᠭᠠᠵᠤ᠂ 4010 ᠬᠦᠮᠦᠨ ᠤ ᠦᠨᠳᠦᠰᠦᠨ ᠠᠮᠢᠳᠤᠷᠠᠯ ᠢ ᠪᠠᠲᠤᠯᠠᠪᠠ︔ ᠴᠡᠷᠢᠭ ᠠᠴᠠ ᠬᠠᠯᠠᠭᠳᠠᠭᠰᠠᠳ ᠢ ᠲᠦᠪᠬᠢᠨᠡᠭᠦᠯᠬᠦ ᠪᠠ ᠠᠯᠪᠠᠨ ᠵᠢᠷᠦᠮ ᠤᠨ ᠴᠡᠷᠢᠭ ᠤᠨ ᠬᠠᠷᠠᠭᠠᠯᠵᠠᠯ ᠤᠨ ᠮᠦᠩᠭᠦ ᠶᠢᠨ ᠳᠦᠷᠢᠮ ᠢ ᠲᠡᠭᠦᠯᠳᠡᠷᠵᠢᠭᠦᠯᠦᠨ᠂ 544 ᠬᠦᠮᠦᠨ  ᠳᠤ 2586 ᠲᠦᠮᠡᠨ ᠲᠦᠭᠦᠷᠢᠭ ᠤᠨ ᠨᠦᠬᠦᠪᠦᠷᠢ ᠮᠦᠩᠭᠦ ᠲᠠᠷᠬᠠᠭᠠᠪᠠ᠃        ᠭᠤᠷᠪᠠ᠂ ᠭᠤᠤᠯᠳᠠᠯᠭ᠎ᠠ ᠲᠠᠢ ᠵᠠᠷᠤᠯᠭ᠎ᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠪᠡ᠃ ᠢᠳᠡᠪᠬᠢᠲᠡᠢ ᠪᠠᠷ ᠪᠡᠯᠡ ᠴᠤᠭᠯᠠᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ᠂ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠨ ᠪᠠᠶᠢᠭᠤᠯᠬᠤ᠂ ᠪᠣᠯᠪᠠᠰᠤᠨ ᠬᠤᠲᠠ ᠶᠢᠨ ᠪᠠᠶᠢᠭᠤᠯᠤᠯᠲᠠ ᠵᠡᠷᠭᠡ ᠵᠠᠷᠤᠯᠭ᠎ᠠ ᠳᠤ ᠬᠡᠷᠡᠭᠯᠡᠵᠦ᠂ ᠲᠤᠭᠤᠷᠢᠭ ᠤᠨ ᠪᠠᠴᠢᠮ᠂ ᠬᠦᠴᠢᠷ᠂ ᠵᠤᠪᠠᠨᠢᠯ ᠪᠦᠬᠦᠢ᠂ ᠬᠦᠰᠡᠯ ᠱᠠᠭᠠᠷᠳᠠᠯᠭ᠎ᠠ ᠪᠦᠬᠦᠢ ᠪᠠ ᠨᠡᠶᠢᠭᠡᠮ ᠤᠨ ᠬᠦᠭᠵᠢᠯᠲᠡ ᠶᠢᠨ ᠶᠡᠭᠡ ᠬᠠᠨᠳᠤᠰᠢ ᠶᠢᠨ ᠪᠡᠯᠡ ᠮᠦᠩᠭᠦ ᠶᠢᠨ ᠱᠠᠭᠠᠷᠳᠠᠯᠭ᠎ᠠ ᠶᠢ ᠨᠠᠷᠢᠯᠢᠭ ᠤᠨᠤᠪᠴᠢᠲᠠᠢ ᠪᠠᠲᠤᠯᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号