ᠬᠤᠩᠱᠠᠨ ᠲᠤᠭᠤᠷᠢᠭ ︽ᠳᠦᠷᠪᠡᠨ ᠲᠦᠷᠦᠯ︾ ᠤᠨ ᠠᠷᠭ᠎ᠠ ᠠᠪᠴᠠᠯ ᠢᠶᠠᠷ ᠫᠤᠤᠵᠢᠩ ᠬᠤᠳᠠᠯᠳᠤᠬᠤ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠪᠠᠲᠤᠲᠠᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2022/1/19
       ᠬᠤᠩᠱᠠᠨ ᠲᠤᠭᠤᠷᠢᠭ ︽ᠳᠦᠷᠪᠡᠨ ᠲᠦᠷᠦᠯ︾ ᠤᠨ ᠠᠷᠭ᠎ᠠ ᠠᠪᠴᠠᠯ ᠢᠶᠠᠷ ᠫᠤᠤᠵᠢᠩ ᠬᠤᠳᠠᠯᠳᠤᠬᠤ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠪᠠᠲᠤᠲᠠᠢ ᠰᠠᠶᠢᠲᠤᠷ ᠬᠢᠪᠡ᠃        ᠨᠢᠭᠡ ᠳᠤ᠂ ᠡᠬᠢ ᠡᠭᠦᠰᠦᠯ ᠢ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠪᠠ᠃ ᠬᠠᠷᠢᠶ᠎ᠠ ᠤᠷᠤᠨ ᠤ 3 ᠡᠷᠦᠬᠡ ᠫᠤᠤᠵᠢᠩ ᠪᠦᠭᠡᠮ ᠢᠶᠠᠷ ᠬᠤᠳᠠᠯᠳᠤᠬᠤ ᠺᠤᠮᠫᠠᠨᠢ ᠳᠤ ᠠᠶᠦᠯᠭᠦᠢ ᠶᠢᠨ ᠪᠠᠶᠢᠴᠠᠭᠠᠯᠲᠠ ᠦᠷᠨᠢᠭᠦᠯᠵᠦ᠂ ᠪᠦᠭᠡᠮ  ᠢᠶᠠᠷ ᠬᠤᠳᠠᠯᠳᠤᠬᠤ ᠺᠤᠮᠫᠠᠨᠢ ᠫᠤᠤᠵᠢᠩ ᠬᠤᠳᠠᠯᠳᠤᠬᠤ ᠶᠢ ᠴᠠᠭᠠᠵᠠᠯᠠᠬᠤ ᠠᠵᠢᠯ ᠤᠨ ᠱᠠᠭᠠᠷᠳᠠᠯᠭ᠎ᠠ ᠶᠢ ᠡᠯ᠎ᠡ ᠫᠤᠤᠵᠢᠩ  ᠤᠨ ᠬᠡᠰᠡᠭᠯᠡᠨ ᠪᠤᠷᠤᠯᠠᠭᠤᠯᠬᠤ ᠴᠡᠭ ᠲᠤ ᠪᠠᠨ ᠴᠠᠭ ᠲᠤᠬᠠᠢ ᠳᠤ ᠨᠢ ᠮᠡᠳᠡᠭᠳᠡᠵᠦ᠂ ᠡᠵᠡᠩᠨᠡᠯᠲᠡ ᠶᠢᠨ ᠠᠵᠢᠯᠯᠠᠭ᠎ᠠ  ᠪᠠᠨ ᠵᠤᠭᠰᠤᠭᠠᠨ᠂ ᠦᠯᠡᠳᠡᠭᠰᠡᠨ ᠫᠤᠤᠵᠢᠩ ᠢᠶᠠᠨ ᠨᠢᠭᠡᠲᠦᠯᠲᠡᠢ ᠪᠤᠴᠠᠭᠠᠨ ᠬᠤᠷᠢᠶᠠᠬᠤ ᠶᠢ ᠱᠠᠭᠠᠷᠳᠠᠪᠠ᠃        ᠬᠤᠶᠠᠷ ᠲᠤ᠂ ᠬᠢᠨᠠᠨ ᠪᠠᠶᠢᠴᠠᠭᠠᠯᠲᠠ ᠪᠠᠨ ᠴᠢᠩᠭᠠᠳᠬᠠᠪᠠ᠃ 1 ᠰᠠᠷ᠎ᠠ ᠶᠢᠨ 6 ᠤ ᠡᠳᠦᠷ ᠠᠴᠠ 3 ᠰᠠᠷ᠎ᠠ ᠶᠢᠨ 13 ᠤ ᠡᠳᠦᠷ ᠪᠤᠯᠲᠠᠯ᠎ᠠ ᠬᠤᠶᠠᠷ ᠬᠠᠤᠯᠢ ᠬᠡᠷᠡᠭᠵᠢᠭᠦᠯᠬᠦ ᠡᠩᠨᠡᠭᠡ ᠲᠤᠮᠢᠯᠠᠵᠤ ᠲᠤᠭᠤᠷᠢᠭ ᠤᠨ ᠵᠢᠵᠢᠭ ᠬᠤᠳᠠᠯᠳᠤᠭᠠᠨ ᠤ ᠡᠷᠦᠬᠡ᠂ ᠬᠠᠮ ᠳᠡᠯᠭᠡᠭᠦᠷ᠂ ᠲᠡᠮᠦᠷᠯᠢᠭ ᠤᠨ ᠳᠡᠯᠭᠡᠭᠦᠷ ᠲᠤ ᠲᠤᠬᠢᠶᠠᠯᠳᠤᠮᠵᠢ ᠪᠠᠷ ᠰᠢᠭᠰᠢᠨ ᠪᠠᠶᠢᠴᠠᠭᠠᠯᠲᠠ ᠦᠷᠨᠢᠭᠦᠯᠵᠦ᠂ ᠬᠠᠤᠯᠢ ᠪᠤᠰᠤ ᠪᠠᠷ ᠫᠤᠤᠵᠢᠩ ᠦᠢᠯᠡᠳᠪᠦᠷᠢᠯᠡᠵᠦ ᠡᠵᠡᠩᠨᠡᠭᠰᠡᠨ ᠡᠵᠡᠩᠨᠡᠯᠲᠡ ᠶᠢᠨ ᠲᠠᠯᠠᠪᠤᠷ ᠤᠨ ᠬᠠᠤᠯᠢ ᠪᠤᠰᠤ ᠪᠠᠷ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠶᠢ ᠵᠤᠭᠰᠤᠭᠠᠬᠤ ᠶᠢᠨ ᠬᠠᠮᠲᠤ ᠵᠠᠰᠠᠭ ᠵᠠᠬᠢᠷᠭᠠᠨ ᠤ ᠰᠢᠢᠳᠬᠡᠯ ᠤᠯᠭᠤᠵᠤ᠂ ᠬᠠᠤᠯᠢ ᠪᠤᠰᠤ ᠪᠠᠷ ᠦᠢᠯᠡᠳᠪᠦᠷᠢᠯᠡᠵᠦ ᠡᠵᠡᠩᠨᠡᠭᠰᠡᠨ ᠡᠳ᠋ ᠪᠤᠳᠠᠰ ᠪᠠ ᠬᠠᠤᠯᠢ ᠪᠤᠰᠤ ᠤᠷᠤᠯᠭ᠎ᠠ ᠶᠢ ᠬᠤᠷᠢᠶᠠᠨ ᠠᠪᠤᠪᠠ᠃        ᠭᠤᠷᠪᠠ ᠳᠤ᠂ ᠰᠤᠷᠠᠭ ᠵᠠᠩᠭᠢ ᠶᠢᠨ ᠢᠯᠭᠤᠮ ᠨᠡᠪᠲᠡᠷᠡᠬᠦ ᠶᠢ ᠴᠢᠩᠭᠠᠳᠬᠠᠪᠠ᠃ ᠡᠯ᠎ᠡ ᠪᠠᠯᠭᠠᠰᠤ ᠵᠡᠭᠡᠯᠢ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠬᠠᠷᠢᠶ᠎ᠠ ᠣᠷᠤᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠦᠯᠭᠦᠢ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠫᠤᠤᠵᠢᠩ ᠢ ᠬᠠᠤᠯᠢ ᠪᠤᠰᠤ ᠪᠠᠷ ᠦᠢᠯᠡᠳᠪᠦᠷᠢᠯᠡᠵᠦ ᠡᠵᠡᠩᠨᠡᠭᠰᠡᠨ ᠠᠵᠢᠯᠯᠠᠭ᠎ᠠ ᠶᠢ ᠢᠯᠡᠷᠡᠭᠦᠯᠪᠡᠯ᠂ ᠴᠠᠭ ᠲᠤᠬᠠᠢ ᠳᠤ ᠨᠢ ᠪᠠᠴᠢᠮ ᠢ ᠠᠷᠭᠠᠴᠠᠬᠤ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠲᠡᠢ᠃        ᠳᠦᠷᠪᠡ ᠳᠤ᠂ ᠰᠤᠷᠲᠠᠯ ᠤᠬᠠᠭᠤᠯᠭ᠎ᠠ ᠬᠦᠲᠦᠯᠦᠨ ᠵᠢᠯᠤᠭᠤᠳᠬᠤ ᠪᠠᠨ ᠴᠢᠩᠭᠠᠳᠬᠠᠪᠠ᠃ ᠸᠢᠴᠠᠲ᠂ ᠪᠤᠳᠠᠲᠤ ᠭᠠᠵᠠᠷ ᠲᠤ ᠨᠢ ᠪᠠᠶᠢᠴᠠᠭᠠᠬᠤ ᠠᠷᠭ᠎ᠠ ᠠᠪᠴᠠᠯ ᠢᠶᠠᠷ ᠳᠠᠮᠵᠢᠭᠠᠳ ᠫᠤᠤᠵᠢᠩ ᠬᠤᠳᠠᠯᠳᠤᠬᠤ ᠶᠢ ᠴᠠᠭᠠᠵᠠᠯᠠᠬᠤ ᠠᠵᠢᠯ ᠤᠨ ᠱᠠᠭᠠᠷᠳᠠᠯᠭ᠎ᠠ ᠶᠢ ᠪᠦᠬᠦᠶᠢᠯᠡ ᠫᠤᠤᠵᠢᠩ ᠪᠦᠭᠡᠮ ᠢᠶᠠᠷ ᠬᠤᠳᠠᠯᠳᠤᠬᠤ ᠺᠤᠮᠫᠠᠨᠢ ᠳᠤ ᠤᠯᠠᠮᠵᠢᠯᠠᠵᠤ᠂ ᠬᠤᠳᠠᠯᠳᠤᠬᠤ ᠶᠢ ᠴᠠᠭᠠᠵᠠᠯᠠᠬᠤ ᠱᠠᠭᠠᠷᠳᠠᠯᠭ᠎ᠠ ᠶᠢ ᠱᠠᠪᠳᠠᠨ ᠪᠠᠶᠢᠴᠠᠭᠠᠵᠤ ᠲᠦᠷᠭᠡᠪᠴᠢᠯᠡᠨ ᠨᠠᠶᠢᠳᠠᠪᠤᠷᠢᠵᠢᠭᠤᠯᠪᠠ᠃ ᠡᠭᠦᠨ ᠤ ᠬᠠᠮᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠᠷ ᠳᠠᠮᠵᠢᠨ ᠫᠤᠤᠵᠢᠩ ᠲᠠᠯᠪᠢᠬᠤ ᠶᠢ ᠴᠠᠭᠠᠵᠠᠯᠠᠬᠤ ᠲᠦᠷᠦ ᠶᠢᠨ ᠪᠤᠳᠤᠯᠭ᠎ᠠ ᠪᠠ ᠫᠤᠤᠵᠢᠩ ᠲᠠᠯᠪᠢᠬᠤ ᠶᠢᠨ ᠬᠤᠤᠷ ᠬᠦᠨᠦᠭᠡᠯ ᠢ ᠶᠡᠭᠡ ᠬᠦᠴᠦᠨ ᠢᠶᠠᠷ ᠤᠬᠠᠭᠤᠯᠵᠤ᠂ ᠬᠦᠮᠦᠨ ᠪᠣᠯᠭᠠᠨ ᠤ ᠫᠤᠤᠵᠢᠩ ᠬᠤᠳᠠᠯᠳᠤᠬᠤ ᠫᠤᠤᠵᠢᠩ ᠲᠠᠯᠪᠢᠬᠤ ᠶᠢ ᠴᠠᠭᠠᠵᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠳᠤ ᠢᠳᠡᠪᠬᠢᠯᠡᠨ ᠤᠷᠤᠯᠴᠠᠬᠤ ᠶᠢ ᠤᠷᠢᠶᠠᠯᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号