ᠸᠠᠩ ᠸᠠᠩ ᠱᠧᠩ ᠪᠦᠬᠦ ᠬᠤᠳᠠ ᠶᠢᠨ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/19
           1 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠪᠥᠬᠦ ᠬᠤᠲᠠ ᠶᠢᠨ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠸᠠᠩ ᠸᠠᠩ ᠱᠧᠩ᠂ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠶᠢ ᠠᠳᠬᠤᠬᠤ ᠨᠢ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠠᠪᠤᠳᠠᠯ ᠪᠣᠯᠣᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ︔ ᠬᠤᠪᠢᠳᠠᠨ ᠬᠠᠮᠢᠶᠠᠷᠬᠤ ᠤᠳᠤᠷᠢᠳᠤᠯᠭ᠎ᠠ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠣᠰᠣᠭᠠᠷ᠂ ᠤᠬᠠᠮᠰᠠᠷ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ︔ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠬᠤ ᠬᠡᠷᠡᠭᠲᠡᠢ︔ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠠᠷ ᠨᠠᠶᠢᠳᠠᠪᠤᠷᠢᠵᠢᠭᠤᠯᠵᠤ᠂ ᠥᠨᠢ ᠤᠳᠠᠭᠠᠨ ᠪᠥᠭᠡᠳ ᠲᠣᠭᠲᠠᠭᠤᠨ ᠠᠶᠤᠯᠭᠦᠢ ᠦᠢᠯᠡᠳᠪᠦᠷᠢᠯᠡᠯ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃        ᠸᠠᠩ ᠸᠠᠩ ᠱᠧᠩ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠥᠰᠥᠯ ᠤᠨ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠳᠲᠡᠷ ᠲᠦᠷᠭᠡᠨ ᠬᠥᠳᠡᠯᠦᠯᠴᠡᠵᠦ᠂ ᠠᠰᠠᠭᠤᠳᠠᠯ ᠤᠨ ᠳᠠᠯᠳᠠ ᠬᠡᠮ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠡᠬᠡ ᠲᠠᠩᠰᠠ ᠪᠠᠶᠢᠭᠤᠯᠤᠨ᠂ ᠬᠥᠳᠡᠯᠦᠩᠭᠦᠢ ᠪᠠᠷ ᠰᠢᠨᠡᠳᠬᠡᠵᠦ᠂ ᠰᠠᠭᠤᠷᠢ ᠲᠤᠭ᠎ᠠ ᠶᠢ ᠣᠶᠢᠯᠠᠭᠠᠨ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠬᠡᠷᠡᠭᠲᠡᠢ᠃ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠲᠣᠳᠣᠷᠬᠠᠢ ᠬᠠᠭᠤᠳᠠᠰᠤ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠳᠠᠷᠦ᠋ᠢᠬᠠᠨ ᠬᠡᠷᠡᠭᠵᠢᠭᠦᠯᠦᠨ ᠥᠭᠡᠷᠡᠴᠢᠯᠡᠵᠦ᠂ ᠲᠦᠷ ᠴᠠᠭ ᠰᠢᠢᠳᠪᠦᠷᠢᠯᠡᠵᠦ ᠳᠡᠶᠢᠯᠬᠦ ᠦᠭᠡᠢ ᠶᠢ ᠨᠢ ᠠᠮᠤᠷ ᠲᠦᠪᠰᠢᠨ ᠢ ᠪᠠᠲᠤᠯᠠᠬᠤ ᠤᠷᠢᠲᠠᠯ ᠤᠨ ᠳᠣᠣᠷ᠎ᠠ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠭᠡᠮ ᠰᠣᠭᠤᠭ ᠢ ᠶᠠᠭᠠᠬᠢᠭᠰᠠᠨ ᠴᠤ ᠦᠯᠡᠳᠡᠭᠡᠬᠦ ᠦᠭᠡᠢ ᠪᠠᠶᠢᠬᠤ ᠬᠡᠷᠡᠭᠲᠡᠢ᠃ ᠱᠠᠭᠠᠷᠳᠠᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠩᠳᠠᠯᠠᠨ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠤᠰᠬᠠᠢ ᠵᠦᠢᠯ ᠢᠶᠠᠷ ᠱᠠᠭᠠᠷᠳᠠᠨ ᠪᠠᠶᠢᠴᠠᠭᠠᠬᠤ᠂ ᠬᠠᠮᠲᠤᠷᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ᠂ ᠱᠠᠭᠠᠷᠳᠠᠨ ᠵᠢᠯᠤᠭᠤᠳᠬᠤ ᠪᠠᠨ ᠴᠢᠩᠭᠠᠳᠬᠠᠵᠤ᠂ ᠪᠠᠶᠢᠴᠠᠭᠠᠯᠲᠠ ᠪᠠᠷ ᠥᠭᠡᠷᠡᠴᠢᠯᠡᠬᠦ ᠶᠢ ᠠᠬᠢᠭᠤᠯᠤᠨ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ ᠡᠯ᠎ᠡ ᠱᠠᠭᠠᠷᠳᠠᠯᠭ᠎ᠠ ᠶᠢ ᠪᠦᠬᠦᠨ ᠢ ᠪᠣᠳᠠᠲᠠᠢ ᠳᠤ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃        ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠮᠧᠩ ᠰᠢᠶᠣᠣ ᠪᠢᠩ ᠲᠤᠰᠬᠠᠢ ᠵᠦᠢᠯ ᠢᠶᠠᠷ ᠱᠠᠭᠠᠷᠳᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠳᠤ ᠪᠣᠳᠠᠲᠠᠢ ᠲᠣᠬᠢᠷᠠᠭᠤᠯᠤᠯᠲᠠ ᠬᠢᠪᠡ᠃        ᠬᠤᠷᠠᠯ ᠳᠡᠭᠡᠷ᠎ᠡ ︽ᠤᠯᠠᠭᠠᠨᠬᠠᠳᠠ ᠬᠤᠲᠠ ᠶᠢᠨ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠥᠯ︾ ᠳᠤ ᠲᠠᠶᠢᠯᠤᠮᠵᠢ ᠬᠢᠵᠦ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠳᠠᠬᠢᠨ ᠴᠢᠬᠤᠯᠠᠴᠢᠯᠠᠵᠤ᠂ ᠳᠠᠬᠢᠨ ᠪᠠᠶᠢᠷᠢᠯᠠᠭᠤᠯᠪᠠ᠃        ᠬᠤᠷᠠᠯ ᠨᠢ ᠳᠥᠷᠰᠦᠲᠦ ᠨᠡᠪᠲᠡᠷᠡᠭᠦᠯᠭᠡ ᠶᠢᠨ ᠬᠡᠯᠪᠡᠷᠢ ᠪᠠᠷ ᠶᠠᠪᠤᠭᠳᠠᠪᠠ᠃ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠠᠷ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠡᠯ᠎ᠡ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠤᠯᠴᠠᠪᠠ᠃    
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号