ᠪᠦᠬᠦ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/19
           ᠸᠠᠨ ᠴᠤᠤ ᠴᠢ ᠶᠠᠷᠢᠶ᠎ᠠ ᠲᠠᠯᠪᠢᠵᠤ ᠸᠠᠩ ᠸᠠᠩ ᠱᠧᠩ ᠬᠤᠷᠠᠯ ᠡᠷᠬᠢᠯᠡᠪᠡ        1 ᠰᠠᠷ᠎ᠠ ᠶᠢᠨ 17 ᠤ ᠡᠳᠦᠷ᠂ ᠮᠠᠨ ᠤ ᠬᠤᠲᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠢᠰᠲ᠋ᠧᠮ ᠲᠠᠢ ᠳ᠋ᠦᠩᠨᠡᠨ᠂ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠵᠠᠳᠠᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠳᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠨ ᠴᠤᠤ ᠴᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ ᠬᠤᠷᠠᠯ ᠡᠷᠬᠢᠯᠡᠪᠡ᠃        ᠸᠠᠨ ᠴᠤᠤ ᠴᠢ ᠶᠠᠷᠢᠶᠠᠨ ᠳᠠᠭᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠤᠨ᠂ ︽ᠲᠡᠦᠬᠡ ᠰᠤᠷᠤᠯᠴᠠᠵᠤ ᠶᠣᠰᠣ ᠤᠴᠢᠷ ᠢ ᠮᠡᠳᠡᠬᠦ᠂ ᠲᠡᠦᠬᠡ ᠰᠤᠷᠤᠯᠴᠠᠵᠤ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠰᠤᠷᠤᠯᠴᠠᠵᠤ ᠶᠣᠰᠣ ᠮᠣᠷᠠᠯ ᠢ ᠡᠷᠬᠢᠮᠯᠡᠬᠦ᠂ ᠲᠡᠦᠬᠡ ᠰᠤᠷᠤᠯᠴᠠᠵᠤ ᠪᠣᠳᠠᠲᠠᠢ ᠳᠤ ᠦᠢᠯᠡᠳᠦᠯᠭᠡᠵᠢᠭᠦᠯᠬᠦ︾ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠯᠭ᠎ᠠ ᠪᠠᠨ ᠥᠷᠨᠢᠭᠦᠯᠦᠨ᠂ ᠠᠴᠢᠶᠠᠯᠠᠪᠤᠷᠢ ᠪᠠᠨ ᠥᠷᠭᠡᠳᠬᠡᠵᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠦᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠪᠦᠬᠦ ᠬᠤᠳᠠ ᠪᠠᠷ ᠢᠶᠠᠨ ᠲᠡᠦᠬᠡ ᠶᠢ ᠮᠡᠳᠡᠵᠤ ᠨᠠᠮ ᠢᠶᠠᠨ ᠬᠠᠶᠢᠷᠠᠯᠠᠬᠤ᠂ ᠲᠡᠦᠬᠡ ᠶᠢ ᠮᠡᠳᠡᠵᠤ ᠤᠯᠤᠰ ᠢᠶᠠᠨ ᠬᠠᠶᠢᠷᠠᠯᠠᠬᠤ ᠴᠢᠩᠭ᠎ᠠ ᠤᠬᠠᠮᠰᠠᠷ ᠢ ᠪᠤᠢ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠂ ᠨᠢᠭᠡ ᠪᠦᠯᠦᠭ ᠤᠯᠠᠨ ᠲᠦᠮᠡᠨ ᠤ ︽ᠪᠠᠴᠢᠮ ᠬᠦᠴᠢᠷ ᠵᠣᠪᠠᠨᠢᠯ ᠬᠦᠰᠡᠯ︾ ᠤᠨ ᠠᠰᠠᠭᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ᠂ ᠪᠦᠬᠦ ᠬᠤᠳᠠ ᠶᠢᠨ ᠡᠯ᠎ᠡ ᠵᠦᠢᠯ ᠤᠨ ᠦᠢᠯᠡᠰ ᠤᠨ ᠤᠷᠤᠬᠰᠢ ᠬᠥᠭᠵᠢᠬᠦ ᠶᠢ ᠬᠦᠴᠦᠲᠡᠢ ᠠᠬᠢᠭᠤᠯᠪᠠ ᠭᠡᠵᠦ ᠵᠢᠭᠠᠵᠤ ᠭᠠᠷᠭᠠᠪᠠ᠃        ᠸᠠᠨ ᠴᠤᠤ ᠴᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠡᠯ᠎ᠡ ᠵᠦᠢᠯ ᠤᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠦᠨ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠢᠮᠠᠭᠲᠠ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠲᠡᠦᠬᠡ ᠶᠢᠨ ᠢᠲᠡᠭᠡᠯ ᠢᠶᠠᠨ ᠨᠡᠮᠡᠭᠳᠡᠭᠦᠯᠦᠨ᠂ ᠨᠠᠮ ᠤᠨ ᠲᠡᠦᠬᠡ ᠶᠢᠨ ᠬᠥᠭᠵᠢᠯᠲᠡ ᠶᠢᠨ ᠭᠤᠣᠯ ᠰᠡᠳᠦᠪ ᠭᠤᠣᠯ ᠰᠢᠵᠢᠮ᠂ ᠭᠤᠣᠯ ᠬᠠᠨᠳᠤᠰᠢ ᠮᠥᠨ ᠴᠢᠨᠠᠷ ᠢ ᠣᠨᠣᠪᠴᠢᠲᠠᠢ ᠡᠵᠡᠮᠳᠡᠵᠦ᠂ ᠲᠡᠦᠬᠡ ᠶᠢᠨ ᠲᠤᠷᠰᠢᠯᠭ᠎ᠠ ᠶᠢ ᠰᠢᠩᠭᠡᠭᠡᠨ ᠠᠪᠴᠤ᠂ ᠲᠡᠦᠬᠡ ᠶᠢᠨ ᠵᠢᠮ᠎ᠡ ᠶᠣᠰᠣ ᠶᠢ ᠨᠡᠪᠲᠡ ᠠᠵᠢᠭᠯᠠᠵᠤ ᠂ ︽ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠪᠤᠢ︾ ᠭᠡᠳᠡᠭ ᠢ ᠲᠣᠳᠣᠷᠬᠠᠢ ᠲᠠᠨᠢᠵᠤ᠂ ︽ᠢᠷᠡᠭᠡᠳᠦᠢ ᠳᠤ ᠪᠢᠳᠡ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠬᠤ︾ ᠭᠡᠳᠡᠭ ᠢ ᠣᠶᠢᠯᠠᠭᠠᠵᠤ᠂ ᠲᠡᠦᠬᠡ ᠶᠢᠨ ᠵᠢᠮ᠎ᠡ ᠶᠣᠰᠣ ᠪᠣᠯᠤᠨ ᠠᠵᠢᠯ ᠦᠢᠯᠡᠰ ᠤᠨ ᠬᠥᠭᠵᠢᠯᠲᠡ ᠶᠢᠨ ᠰᠠᠨᠠᠭᠠᠴᠢᠯᠠᠭᠠᠲᠤ ᠴᠢᠨᠠᠷ ᠢ ᠪᠠᠲᠤ ᠡᠵᠡᠮᠳᠡᠬᠦ ᠬᠡᠷᠡᠭᠲᠡᠢ᠃ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠷᠤᠯᠴᠠᠨ ᠣᠶᠢᠯᠠᠭᠠᠵᠤ ᠨᠡᠪᠲᠡᠷᠬᠡᠢ ᠡᠵᠡᠮᠰᠢᠬᠦ᠂ ᠰᠣᠷᠣᠭᠰᠠᠨ ᠢᠶᠠᠨ ᠬᠡᠷᠡᠭᠯᠡᠬᠦ ᠶᠢ ᠦᠨᠡᠨᠬᠦ ᠪᠡᠶᠡᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠵᠠᠮ ᠨᠡᠭᠡᠭᠡᠨ ᠰᠢᠨ᠎ᠡ ᠶᠢ ᠡᠭᠦᠳᠬᠦ᠂ ᠬᠦᠴᠢᠷ ᠢ ᠲᠤᠭᠤᠯᠤᠨ ᠬᠦᠴᠢᠷ ᠢ ᠳᠠᠪᠠᠭ᠋ᠤ ᠴᠢᠳᠠᠪᠤᠷᠢ ᠪᠣᠯᠭᠠᠨ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠂ ᠠᠵᠢᠯ ᠢᠶᠠᠨ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠨ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠩ ᠤᠯᠠᠨ ᠰᠠᠶᠢᠨ ᠶᠠᠪᠤᠳᠠᠯ᠂ ᠪᠣᠳᠠᠲᠤ ᠶᠠᠪᠤᠳᠠᠯ ᠢ ᠠᠷᠠᠳ ᠤᠯᠠᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠸᠠᠨ ᠴᠤᠤ ᠴᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠤᠯᠠᠭᠠᠨᠬᠠᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠮᠠᠨ ᠤ ᠬᠤᠲᠠ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠰᠡᠷᠭᠡᠭ ᠢᠶᠠᠷ ᠲᠠᠨᠢᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠠᠰᠤᠷᠠᠯᠲᠠ ᠦᠭᠡᠢ ᠦᠵᠡᠯ ᠰᠠᠨᠠᠭ᠎ᠠ ᠪᠠᠨ ᠴᠢᠯᠥᠭᠡᠯᠡᠨ᠂ ᠰᠢᠨ᠎ᠡ ᠶᠢ ᠡᠭᠦᠳᠦᠨ ᠪᠦᠲᠦᠭᠡᠵᠦ᠂ ᠬᠦᠴᠢᠷ ᠢ ᠲᠤᠭᠤᠯᠤᠨ ᠪᠡᠷᠬᠡᠰᠢᠶᠡᠯ ᠢ ᠳᠠᠪᠠᠵᠤ᠂ ᠪᠦᠬᠦ ᠬᠤᠲᠠ ᠶᠢᠨ ᠡᠯ᠎ᠡ ᠵᠦᠢᠯ ᠤᠨ ᠠᠵᠢᠯ ᠤᠨ ᠰᠢᠨ᠎ᠡ ᠳᠠᠪᠰᠢᠯᠲᠠ ᠶᠢ ᠪᠡᠶᠡᠯᠡᠭᠦᠯᠵᠦ᠂ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠲᠥᠪ ᠬᠤᠳᠠ ᠶᠢ ᠪᠦᠳᠦᠬᠡᠨ ᠪᠠᠶᠢᠭᠤᠯᠬᠤ᠂ ︽ᠬᠤᠣᠰ ᠣᠳᠤ ᠶᠢᠨ ᠣᠷᠣᠨ︾ ᠢ ᠴᠣᠭᠴᠠᠯᠠᠬᠤ ᠡᠭᠦᠷᠭᠡ ᠬᠠᠷᠢᠭᠤᠴᠠᠯᠭ᠎ᠠ ᠶᠢ ᠪᠦᠬᠦ ᠬᠦᠴᠦᠨ ᠢᠶᠠᠷ ᠢᠶᠠᠨ ᠡᠭᠦᠷᠭᠡᠯᠡᠵᠦ᠂ ︽ᠲᠠᠪᠤᠨ ᠪᠠᠶᠢᠷᠢ ᠲᠣᠭᠲᠠᠭᠠᠯᠲᠠ︾ ᠶᠢ ᠨᠠᠶᠢᠳᠠᠪᠤᠷᠢᠵᠢᠭᠤᠯᠤᠨ᠂ ︽ᠵᠢᠷᠭᠤᠭᠠᠨ ᠤᠯᠠᠭᠠᠨᠬᠠᠳᠠ︾ ᠶᠢ ᠪᠦᠳᠦᠬᠡᠨ ᠪᠠᠶᠢᠭᠤᠯᠵᠤ᠂ ᠬᠤᠳᠠ ᠶᠢᠨ ᠬᠥᠭᠵᠢᠯᠲᠡ ᠶᠢᠨ ᠭᠤᠣᠯᠯᠠᠭᠴᠢ ᠦᠷᠢᠰᠦᠯᠳᠦᠬᠦ ᠬᠦᠴᠦᠨ᠂ ᠶᠡᠷᠦᠩᠬᠡᠶᠢᠯᠡᠭᠰᠡᠨ ᠳᠠᠭᠠᠭᠠᠴᠠ ᠪᠠ ᠳᠠᠶᠢᠴᠢᠯᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠵᠤ᠂ ᠲᠣᠭᠲᠠᠭᠤᠨ ᠢ ᠲᠡᠷᠢᠭᠦᠨ ᠳᠤ ᠪᠣᠳᠤᠯᠬᠢᠯᠠᠨ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠪᠣᠳᠠᠲᠠᠢ ᠲᠠᠢ ᠤᠶᠠᠯᠳᠤᠭᠤᠯᠤᠨ᠂ ᠵᠢᠮ᠎ᠡ ᠶᠣᠰᠣ ᠶᠢ ᠡᠵᠡᠮᠳᠡᠵᠦ᠂ ᠠᠷᠠᠯᠵᠢᠶᠠᠴᠢᠨ ᠤᠷᠢᠵᠤ ᠪᠡᠯᠡ ᠲᠠᠲᠠᠬᠤ᠂ ᠠᠵᠤ ᠦᠢᠯᠡᠰ ᠢ ᠬᠥᠭᠵᠢᠭᠦᠯᠬᠦ᠂ ᠪᠦᠲᠦᠴᠡ ᠶᠢ ᠲᠤᠬᠢᠷᠠᠭᠤᠯᠬᠤ᠂ ᠳᠠᠪᠠᠭᠤᠯᠢᠭ ᠢ ᠪᠤᠶᠢᠵᠢᠭᠤᠯᠬᠤ ᠵᠡᠷᠭᠡ ᠵᠠᠩᠭᠢᠯᠠᠭ᠎ᠠ ᠶᠢᠨ ᠠᠰᠠᠭᠤᠳᠠᠯ ᠢ ᠳᠣᠪᠤᠶᠢᠯᠭᠠᠨ᠂ ᠪᠠᠷᠠᠭᠠᠯᠬᠢᠯᠠᠯ ᠤᠨ ᠴᠢᠨᠠᠷᠲᠠᠢ ᠰᠡᠳᠬᠢᠬᠦᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠷᠭ᠎ᠠ ᠪᠤᠳᠤᠯᠭ᠎ᠠ ᠪᠠ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯᠲᠠ ᠶᠢ ᠴᠢᠩᠭᠠᠳᠬᠠᠵᠤ᠂ ᠪᠦᠬᠦ ᠵᠢᠯ ᠤᠨ ᠠᠵᠤ ᠠᠬᠤᠢ ᠶᠢᠨ ᠠᠵᠢᠯ ᠤᠨ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠦᠵᠡᠯ ᠰᠠᠨᠠᠭ᠎ᠠ ᠪᠠᠨ ᠴᠢᠯᠥᠭᠡᠯᠡᠬᠦ᠂ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠶᠢ ᠶᠡᠬᠡᠪᠡᠷ ᠲᠦᠯᠬᠢᠨ ᠠᠬᠢᠭᠤᠯᠵᠤ᠂ ᠡᠯ᠎ᠡ ᠱᠠᠲᠤᠨ ᠤ ᠺᠠᠳ᠋ᠷᠴᠤᠳ ᠤᠨ ᠤᠶᠤᠨ ᠲᠠᠷᠢᠬᠢ ᠪᠠᠨ ᠬᠥᠳᠡᠯᠭᠡᠵᠦ᠂ ᠰᠦᠪᠡᠭᠴᠢᠯᠡᠨ ᠦᠢᠯᠡᠳᠦᠯᠭᠡᠵᠢᠭᠦᠯᠬᠦ ᠶᠢ ᠲᠦᠯᠬᠢᠨ ᠠᠬᠢᠭᠤᠯᠵᠤ᠂ ᠨᠡᠩ ᠥᠷᠭᠡᠨ ᠬᠠᠷᠠᠭᠠᠰᠤ᠂ ᠨᠡᠩ ᠥᠷᠭᠡᠨ ᠳᠡᠯᠭᠡᠷ ᠰᠡᠳᠬᠢᠬᠦᠢ ᠪᠠᠷ ᠤᠯᠠᠮᠵᠢᠯᠠᠯᠲᠤ ᠠᠷᠭ᠎ᠠ ᠵᠠᠮ ᠤᠨ ᠲᠦᠰᠢᠭᠯᠡᠯ ᠪᠠ ᠡᠯ᠎ᠡ ᠲᠦᠷᠦᠯ ᠤᠨ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠨ᠂ ᠰᠢᠨ᠎ᠡ ᠰᠡᠳᠬᠢᠬᠦᠢ᠂ ᠰᠢᠨ᠎ᠡ ᠠᠷᠭ᠎ᠠ ᠪᠠᠷ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ ᠢ ᠢᠮᠠᠭᠲᠠ ᠪᠠᠷᠢᠮᠲᠠᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠦᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠤᠨ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ ᠵᠥᠪ ᠤᠳᠤᠷᠢᠳᠤᠮᠵᠢ ᠶᠢ ᠪᠠᠲᠤ ᠪᠤᠢ ᠪᠣᠯᠭᠠᠨ᠂ ᠰᠤᠷᠲᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠰᠢᠯᠭᠠᠷᠠᠭᠰᠠᠨ ᠨᠠᠮ ᠤᠨ ᠰᠤᠷᠲᠠᠯ ᠪᠠ ᠵᠠᠰᠠᠭ ᠤᠨ ᠰᠤᠷᠲᠠᠯ ᠢᠶᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠪᠴᠢᠷᠠᠭᠰᠠᠨ ᠰᠢᠨ᠎ᠡ ᠳᠦᠷᠰᠦ ᠪᠠᠶᠢᠳᠠᠯ᠂ ᠰᠢᠨ᠎ᠡ ᠠᠭᠤᠷ ᠠᠮᠢᠰᠬᠤᠯ᠂ ᠰᠢᠨ᠎ᠡ ᠦᠷ᠎ᠡ ᠪᠦᠲᠦᠮᠵᠢ ᠶᠢ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠨᠢ ᠳᠥᠷᠰᠦᠲᠦ ᠨᠡᠪᠲᠡᠷᠡᠭᠦᠯᠭᠡ ᠶᠢᠨ ᠬᠡᠯᠪᠡᠷᠢ ᠪᠠᠷ ᠶᠠᠪᠤᠭᠳᠠᠵᠤ᠂ ᠬᠤᠲᠠ ᠶᠢᠨ ᠨᠠᠮ ᠤᠨ ᠬᠤᠷᠢᠶ᠎ᠠ ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ᠂ ᠬᠤᠲᠠ ᠶᠢᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠭᠤᠣᠯ ᠬᠠᠷᠢᠭᠤᠴᠠᠯᠭᠠᠲᠠᠨ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ᠂ ᠤᠯᠠᠭᠠᠨᠬᠠᠳᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ᠂ ᠬᠤᠳᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠬᠤᠳᠠ ᠲᠣᠭᠤᠷᠢᠭ ᠲᠤ ᠪᠠᠶᠢᠭ᠎ᠠ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠪᠠᠶᠢᠭᠤᠯᠪᠠ᠃
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号