ᠬᠤᠩᠱᠠᠨ ᠲᠣᠭᠤᠷᠢᠭ ︽2021 ᠴᠠᠬᠢᠮ ᠤᠷᠴᠢᠨ ᠢ ᠴᠡᠪᠡᠷᠰᠢᠭᠦᠯᠬᠦ︾ ᠲᠤᠰᠬᠠᠢ ᠲᠦᠷᠦᠯ ᠤᠨ ᠠᠵᠢᠯᠯᠠᠭᠠᠨ ᠢ ᠦᠷᠨᠢᠭᠦᠯᠪᠡ
ᠨᠡᠶᠢᠲᠡᠯᠡᠭᠰᠡᠨ ᠴᠠᠭ᠄
2022/1/21
        ᠬᠤᠩᠱᠠᠨ ᠲᠣᠭᠤᠷᠢᠭ ︽2021 ᠴᠠᠬᠢᠮ ᠤᠷᠴᠢᠨ ᠢ ᠴᠡᠪᠡᠷᠰᠢᠭᠦᠯᠬᠦ︾ ᠲᠤᠰᠬᠠᠢ ᠲᠦᠷᠦᠯ ᠤᠨ ᠠᠵᠢᠯᠯᠠᠭᠠᠨ ᠢ ᠦᠷᠨᠢᠭᠦᠯᠪᠡ᠃        ᠨᠢᠭᠡ᠂ ᠴᠠᠬᠢᠯᠭᠠᠨ ᠬᠤᠯᠪᠤᠭ᠎ᠠ ᠰᠦᠯᠵᠢᠶᠡᠨ ᠮᠡᠬᠡᠯᠡᠯ ᠢᠶᠠᠷ ᠶᠠᠯ᠎ᠠ ᠬᠢᠬᠦ ᠳᠤ ᠴᠣᠬᠢᠯᠲᠠ ᠦᠭᠪᠡ᠃ ᠡᠯ᠎ᠡ ᠴᠠᠭᠳᠠᠭᠠᠨ ᠤ ᠲᠦᠷᠦᠯ ᠤᠨ ᠬᠢᠨ ᠬᠠᠮᠵᠢᠯᠴᠠᠨ 1693 ᠴᠠᠬᠢᠯᠭᠠᠨ ᠬᠤᠯᠪᠤᠭ᠎ᠠ ᠰᠦᠯᠵᠢᠶᠡᠨ ᠮᠡᠬᠡᠯᠡᠯ ᠤᠨ ᠲᠦᠷᠦᠯ  ᠤᠨ ᠬᠡᠷᠡᠭ ᠢ ᠲᠠᠩᠨᠠᠨ ᠰᠢᠢᠳᠪᠦᠷᠢᠯᠡᠵᠦ᠂  84 ᠶᠠᠯ᠎ᠠ ᠬᠢᠭᠰᠡᠨ ᠰᠡᠵᠢᠭᠲᠡᠨ ᠢ ᠪᠠᠷᠢᠪᠴᠢᠯᠠᠵᠤ᠂ ᠡᠯ᠎ᠡ ᠲᠦᠷᠦᠯ ᠤᠨ ︽ᠴᠠᠬᠢᠯᠭᠠᠨ ᠬᠤᠯᠪᠤᠭ᠎ᠠ ᠰᠦᠯᠵᠢᠶᠡᠨ ᠮᠡᠬᠡᠯᠡᠯ︾ ᠤᠨ ᠶᠠᠯ᠎ᠠ ᠬᠢᠭᠰᠡᠨ 7 ᠡᠪᠰᠡᠯ ᠪᠦᠯᠦᠭ ᠢ ᠪᠤᠳᠠ ᠨᠢᠷᠭᠡᠵᠦ᠂ ᠬᠡᠷᠡᠭ ᠲᠤ ᠬᠤᠯᠪᠤᠭᠳᠠᠭᠰᠠᠨ ᠪᠡᠯᠡ ᠮᠦᠩᠭᠦ ᠪᠠᠷᠤᠭ 1.1 ᠳ᠋ᠦᠩᠰᠢᠭᠤᠷ ᠲᠦᠭᠦᠷᠢᠭ᠃        ᠬᠤᠶᠠᠷ᠂ ︽ᠴᠠᠬᠢᠮ ᠮᠡᠬᠡᠯᠡᠯ︾ ᠢ ᠤᠷᠢᠳᠴᠢᠯᠠᠨ ᠰᠡᠷᠭᠡᠶᠢᠯᠡᠵᠦ ᠰᠡᠷᠡᠮᠵᠢᠯᠡᠭᠦᠯᠬᠦ ᠲᠤᠰᠬᠠᠢ ᠲᠦᠷᠦᠯ ᠤᠨ ᠠᠵᠢᠯᠯᠠᠭ᠎ᠠ ᠶᠢ ᠦᠷᠨᠢᠭᠦᠯᠵᠦ᠂  ᠨᠡᠶᠢᠲᠡ 10950 ᠤᠳᠠᠭᠠᠨ ᠤ ᠮᠡᠬᠡᠯᠡᠯ ᠢ ᠡᠰᠡᠷᠭᠦᠴᠡᠬᠦ ᠤᠷᠢᠳᠴᠢᠯᠠᠨ ᠰᠡᠷᠭᠡᠶᠢᠯᠡᠯᠲᠡ ᠬᠢᠪᠡ᠃        ᠭᠤᠷᠪᠠ᠂ ᠰᠦᠯᠵᠢᠶᠡᠨ ᠤ ᠤᠰᠤᠨ ᠴᠡᠷᠢᠭ᠂ ᠡᠷᠬᠡᠲᠦ ᠠᠷᠠᠳ ᠤᠨ ᠬᠤᠪᠢ ᠬᠦᠮᠦᠨ ᠤ ᠰᠤᠷᠠᠭ ᠵᠠᠩᠭᠢ  ᠳᠤ ᠬᠠᠯᠳᠠᠬᠤ᠂ ᠾᠧᠢ ᠺᠧ ᠤᠨ ᠴᠣᠬᠢᠯᠲᠠ ᠡᠪᠳᠡᠯᠭᠡ ᠳᠤ ᠴᠤᠬᠢᠯᠲᠠ ᠦᠭᠬᠦ ᠶᠢ ᠦᠷᠭᠦᠯᠵᠢᠯᠡᠨ ᠭᠦᠨᠵᠡᠭᠡᠶᠢᠷᠡᠭᠦᠯᠦᠨ ᠦᠷᠨᠢᠭᠦᠯᠵᠦ᠂ 84 ᠬᠡᠷᠡᠭ ᠢ ᠲᠠᠩᠨᠠᠨ ᠰᠢᠢᠳᠪᠦᠷᠢᠯᠡᠵᠦ᠂  ᠨᠡᠶᠢᠲᠡ 43 ᠶᠠᠯ᠎ᠠ ᠬᠢᠵᠦ ᠬᠠᠤᠯᠢ ᠵᠦᠷᠢᠴᠡᠭᠰᠡᠨ ᠬᠡᠷᠡᠭ ᠤᠨ ᠰᠡᠵᠢᠭᠲᠡᠨ ᠢ ᠪᠠᠷᠢᠪᠴᠢᠯᠡᠪᠠ᠃        ᠳᠦᠷᠪᠡ᠂ ᠬᠢᠯᠢ ᠠᠯᠤᠰᠯᠠᠨ ᠮᠥᠷᠦᠶᠢᠴᠡᠬᠦ ᠶᠠᠯ᠎ᠠ ᠬᠢᠬᠦ ᠳᠤ ᠴᠤᠬᠢᠯᠲᠠ ᠦᠭᠪᠡ᠃ ᠤᠳᠤ ᠪᠣᠯᠲᠠᠯ᠎ᠠ ᠨᠡᠶᠢᠲᠡ 1 ᠬᠢᠯᠢ ᠠᠯᠤᠰᠯᠠᠭᠰᠠᠨ ᠰᠦᠯᠵᠢᠶᠡᠨ ᠳᠤ ᠮᠦᠷᠦᠶᠢᠴᠡᠭᠰᠡᠨ ᠬᠡᠷᠡᠭ ᠢ ᠲᠠᠩᠨᠠᠨ ᠢᠯᠡᠷᠡᠭᠦᠯᠵᠦ ᠰᠢᠢᠳᠪᠦᠷᠢᠯᠡᠨ ᠂ 272 ᠬᠡᠷᠡᠭ ᠤᠨ ᠰᠡᠵᠢᠭᠲᠡᠨ ᠢ ᠪᠠᠷᠢᠪᠴᠢᠯᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号