| | ︵2022 ᠣᠨ ᠤ 1 ᠰᠠᠷ᠎ᠠ ᠶᠢᠨ 20 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠬᠦᠳᠡ | ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ 2022 ᠣᠨ ᠤ 1 ᠰᠠᠷ᠎ᠠ ᠶᠢᠨ 18 ᠤ ᠡᠳᠦᠷ ᠠᠴᠠ 20 ᠤ | ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠲᠤᠰ ᠤᠳᠠᠭ᠎ᠠ ᠶᠢᠨ ᠪᠦᠭᠦᠳᠡ ᠬᠤᠷᠠᠯ ᠳᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠭᠡᠰᠢᠭᠦᠨ 125 ᠬᠦᠮᠦᠨ ᠣᠷᠣᠯᠴᠠᠵᠤ᠂ 242 ᠬᠥᠮᠦᠨ ᠰᠤᠯᠠ ᠣᠷᠣᠯᠴᠠᠪᠠ᠃ | ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠦᠭᠦᠳᠡ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠵᠠᠶ᠃ | ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ ᠵᠡᠷᠭᠡ ᠨᠠᠮ ᠪᠠ | ᠲᠦᠷᠦ ᠶᠢᠨ ᠤᠳᠤᠷᠢᠳᠬᠤ ᠬᠥᠮᠦᠰ ᠬᠤᠷᠠᠯ ᠳᠤ ᠣᠷᠣᠯᠴᠠᠪᠠ᠃ | ᠪᠦᠬᠦᠳᠡ ᠬᠤᠷᠠᠯ ᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ | ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2021 ᠣᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠢ ᠳ᠋ᠦᠩᠨᠡᠵᠦ᠂ 2022 ᠣᠨ ᠤ ᠡᠭᠦᠷᠭᠡ ᠶᠢ ᠪᠠᠶᠢᠷᠢᠯᠠᠭᠤᠯᠵᠤ᠂ ᠵᠤᠤ ᠯᠧ ᠵᠶᠢ ᠨᠥᠬᠦᠷ ᠤᠨ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠠ ᠠᠴᠠ ᠬᠢᠭᠰᠡᠨ ︽ᠨᠠᠮ ᠤᠨ | ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠪᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | ᠪᠥᠬᠦᠳᠡ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠶ | ᠰᠤᠷᠤᠯᠴᠠᠵᠤ ᠭᠦᠨᠵᠡᠭᠡᠶ ᠡᠵᠡᠮᠰᠢᠪᠡ᠃ ᠤᠯᠠᠨ ᠢᠶᠠᠷ ᠢᠶᠠᠨ᠂ ᠶᠠᠷᠢᠶ᠎ᠠ ᠨᠢ ᠰᠢᠨ᠎ᠡ ᠴᠠᠭ ᠦᠶ᠎ᠡ ᠶᠢᠨ ᠨᠠᠮ ᠤᠨ ᠥᠪᠡᠷ ᠤᠨ | ᠪᠡᠶ᠎ᠡ ᠳᠡᠭᠡᠨ ᠬᠤᠪᠢᠰᠬᠠᠯ ᠬᠢᠭᠰᠡᠨ ᠠᠮᠵᠢᠯᠲᠠ ᠲᠠᠢ ᠦᠢᠯᠡᠳᠦᠯᠭᠡ ᠶᠢ ᠭᠦᠨᠵᠡᠭᠡᠢ ᠳ᠋ᠦᠩᠨᠡᠵᠦ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠭᠠᠳ ᠣᠯᠤᠭᠰᠠᠨ ᠲᠡᠦᠬᠡᠲᠦ ᠴᠢᠨᠠᠷᠲᠠᠢ᠂ ᠪᠦᠲᠦᠭᠡᠯᠴᠢ ᠴᠢᠨᠠᠷᠲᠠᠢ ᠠᠮᠵᠢᠯᠲᠠ᠂ ᠪᠤᠢ ᠪᠣᠯᠤᠭᠰᠠᠨ ᠪᠦᠬᠦ | ᠲᠠᠯ᠎ᠠ ᠶᠢᠨ᠂ ᠭᠦᠨ ᠳᠠᠪᠬᠤᠷᠭ᠎ᠠ ᠶᠢᠨ ᠨᠥᠯᠥᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠴᠥᠬᠦᠷᠡᠰᠢ ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠬᠤ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠡᠢ᠃ | ᠶᠠᠷᠢᠶ᠎ᠠ ᠨᠢ ᠠᠯᠤᠰ ᠬᠡᠳᠦ ᠶᠢᠨ ᠤᠳᠭ᠋᠎ᠠ ᠰᠠᠨᠠᠭ᠎ᠠ ᠲᠠᠢ᠂ ᠭᠦᠨ ᠭᠦᠨᠵᠡᠭᠡᠢ ᠦᠵᠡᠯ ᠰᠠᠨᠠᠭ᠎ᠠ ᠲᠠᠢ᠂ ᠡᠯᠪᠡᠭ ᠪᠠᠶᠠᠯᠢᠭ | ᠠᠭᠤᠯᠤᠭᠳᠠᠬᠤᠨ ᠲᠠᠢ ᠪᠠᠶᠢᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠢᠲᠡᠭᠡᠯ | ᠵᠣᠷᠢᠭ ᠡᠷᠡᠰ ᠪᠠᠲᠤ᠂ ᠭᠤᠶᠠᠴᠢ ᠦᠭᠡᠢ ᠰᠦᠷᠳᠡᠰᠢ ᠦᠭᠡᠢ ᠬᠡᠬᠦᠳᠡᠭ ᠰᠡᠳᠭᠢᠯᠭᠡ᠂ ᠠᠰᠠᠭᠤᠳᠠᠯ ᠳᠤ ᠵᠥᠪ ᠢᠶᠠᠷ ᠬᠠᠨᠳᠤᠬᠤ | ᠂ ᠬᠢᠳᠤᠭᠠᠨ ᠢᠷ ᠢ ᠳᠣᠲᠣᠭᠰᠢ ᠬᠠᠨᠳᠤᠭᠤᠯᠬᠤ ᠤᠯᠤᠰ ᠲᠦᠷᠦ ᠶᠢᠨ ᠰᠥᠰᠥ ᠵᠣᠷᠢᠭ᠂ ᠤᠬ ᠰᠠᠨᠠᠭ᠎ᠠ ᠪᠠᠨ ᠦᠯᠦ | ᠮᠠᠷᠲᠠᠵᠤ᠂ ᠡᠷᠡᠮᠡᠬᠡᠶᠢᠯᠡᠨ ᠤᠷᠤᠭᠰᠢᠯᠠᠬᠤ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠮᠠᠰᠢ ᠴᠢᠩᠭ᠎ᠠ ᠤᠯᠤᠰ | ᠲᠦᠷᠦᠴᠢ ᠴᠢᠨᠠᠷ᠂ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠬᠤ ᠦᠨᠳᠦᠰᠦᠨ ᠵᠢᠷᠤᠮᠯᠠᠯ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭᠠᠨ ᠤ ᠵᠦᠭᠯᠡᠭᠦᠷ ᠮᠥᠨ᠃ | ᠶᠡᠷᠦᠩᠬᠡᠢ ᠱᠦᠵᠢ ᠰᠢ ᠶᠢᠨ ᠫᠢᠩ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠳᠤ ᠨᠠᠨᠳᠢᠨ | ᠬᠦᠰᠡᠯ ᠨᠠᠶᠢᠳᠠᠯᠭ᠎ᠠ ᠲᠠᠯᠪᠢᠵᠤ᠂ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠶᠢᠯᠠᠭᠠᠬᠤ | ᠴᠢᠳᠠᠪᠤᠷᠢ᠂ ᠤᠯᠤᠰ ᠲᠥᠷᠥ ᠶᠢᠨ ᠭᠦᠢᠴᠡᠳᠭᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ | ᠂ ᠤᠳᠠᠭᠠᠨ ᠳᠠᠭᠠᠭᠠᠮᠠᠭᠠᠶ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠲᠣᠭᠲᠠᠭᠤᠨ ᠡᠷᠡᠭᠦᠯ ᠠᠵᠤ ᠠᠬᠤᠶ ᠶᠢᠨ | ᠣᠷᠴᠢᠨ᠂ ᠲᠥᠷᠥ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ᠂ ᠰᠤᠷᠲᠠᠯ ᠴᠢᠬᠡᠴᠢ ᠣᠪᠣᠷ ᠲᠥᠪ ᠤᠯᠤᠰ | ᠲᠥᠷᠥ ᠶᠢᠨ ᠣᠷᠴᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠵᠢᠭᠠᠵᠤ | ᠭᠠᠷᠭᠠᠪᠠ᠃ | ᠪᠦᠬᠦᠳᠡ ᠬᠤᠷᠠᠯ ᠠᠴᠠ᠂ 2021 ᠤᠨ ᠪᠣᠯ ᠨᠠᠮ ᠪᠣᠯᠤᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ | ᠳᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠦᠪᠡᠳᠡᠭᠰᠢ | ᠶᠡᠭᠡ ᠪᠠᠷ ᠪᠡᠯᠭᠡᠯᠡᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ | ᠬᠤᠷᠠᠯ ᠢ ᠠᠮᠵᠢᠯᠲᠠ ᠲᠠᠢ ᠬᠤᠷᠠᠯᠳᠤᠭᠤᠯᠵᠤ᠂ ᠨᠠᠮ ᠤᠨ ᠭᠤᠷᠪᠠᠳᠤᠭᠠᠷ ᠲᠡᠦᠬᠡᠨ ᠰᠢᠢᠳᠪᠦᠷᠢ ᠶᠢ ᠲᠣᠭᠲᠠᠭᠠᠵᠤ᠂ ᠨᠠᠮ ᠤᠨ | ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ | ᠳ᠋ᠦᠩᠨᠡᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠤ᠂ ᠲᠣᠭᠲᠠᠭᠰᠠᠨ ᠬᠤᠭᠤᠴᠠᠭᠠᠨ ᠳᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠤᠭᠳᠠᠭᠰᠠᠨ | ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠢ ᠡᠬᠢᠯᠡᠭᠦᠯᠵᠤ᠂ ᠨᠠᠮ ᠪᠠ | ᠤᠯᠤᠰ ᠤᠨ ᠡᠯ᠎ᠡ ᠵᠦᠢᠯ ᠤᠨ ᠠᠵᠢᠯ ᠦᠢᠯᠡᠰ ᠴᠢᠬᠤᠯᠠ ᠶᠡᠭᠡ ᠰᠢᠨ᠎ᠡ ᠠᠮᠵᠢᠯᠲᠠ ᠪᠦᠲᠦᠮᠵᠢ ᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠤᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠳᠠᠢ | ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠬᠤᠶᠠᠷ ᠢ ᠬᠠᠮᠠᠭᠠᠯᠠᠬᠤ︾ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ | ᠠᠬᠢᠭᠤᠯᠬᠤ ᠳᠤᠮᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ | ᠭᠦᠨᠵᠡᠭᠡᠢ ᠡᠵᠡᠮᠳᠡᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠡᠷᠡᠰ ᠪᠠᠲᠤ ᠯᠠᠪᠳᠠᠭᠤᠨ ᠲᠣᠭᠲᠠᠭᠤᠨ | ᠪᠠᠶᠢᠵᠤ᠂ ᠦᠨᠡᠨ ᠠᠴᠠ ᠵᠥᠪ ᠢ ᠡᠷᠢᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ ᠬᠡᠮᠡᠬᠦ ᠰᠤᠨᠤᠷ ᠰᠡᠷᠡᠮᠵᠢ ᠲᠠᠢ ᠡᠷᠡᠰ ᠪᠠᠲᠤ ᠪᠠᠶᠢᠬᠤ ᠶᠢ ᠪᠠᠳᠤᠯᠠᠵᠤ᠂ | ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ᠂ ᠢᠯᠵᠠᠷᠠᠯ ᠢ ᠡᠰᠡᠷᠭᠦᠴᠡᠵᠦ ᠮᠠᠭᠤ ᠮᠠᠭᠤᠬᠠᠢ ᠶᠢ ᠵᠠᠯᠬᠠᠭᠠᠬᠤ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠳᠤᠯᠠᠵᠤ᠂ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ | ᠶᠡᠭᠡ ᠲᠠᠯ᠎ᠠ ᠶᠢᠨ ᠲᠤᠭᠤᠷᠢᠨ ᠳᠤ ᠬᠡᠷᠡᠭᠵᠢᠭᠦᠯᠦᠯᠳᠡ ᠶᠢ ᠬᠢᠨᠠᠯᠳᠠ ᠲᠠᠯᠪᠢᠨ ᠪᠠᠳᠤᠯᠠᠬᠤ᠂ ᠬᠦᠭᠵᠢᠯᠳᠠ ᠶᠢ | ᠲᠡᠬᠦᠯᠳᠡᠷᠵᠢᠬᠦᠯᠦᠨ ᠠᠬᠢᠭᠤᠯᠬᠤ ᠦᠢᠯᠡᠳᠦᠯ ᠢᠶᠠᠨ ᠪᠠᠳᠠᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠤᠯᠪᠠ᠃ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠲᠡᠦᠬᠡ ᠶᠢᠨ ᠲᠤᠬᠠᠢ ᠴᠢᠬᠤᠯᠠ ᠥᠭᠦᠯᠡᠯᠲᠡ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠭᠦᠨᠵᠡᠭᠡᠢ | ᠰᠤᠷᠤᠯᠴᠠᠵᠤ᠂ ᠲᠡᠦᠬᠡ ᠶᠢᠨ ᠢᠲᠡᠭᠡᠯ ᠢᠶᠠᠨ ᠨᠡᠮᠡᠭᠳᠡᠭᠦᠯᠵᠦ᠂ ᠲᠡᠮᠡᠴᠡᠯ ᠤᠨ ᠡᠷᠳᠡᠮ ᠴᠢᠳᠠᠪᠤᠷᠢ ᠪᠠᠨ ᠪᠣᠯᠪᠠᠰᠤᠷᠠᠭᠤᠯᠵᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠤᠬᠠᠮᠰᠠᠷ ᠢ ᠪᠠᠲᠤᠳᠬᠠᠪᠠ᠃ ︽ᠠᠷᠪᠠᠨ ᠳᠥᠷᠪᠡᠳᠦᠭᠡᠷ | ᠲᠠᠪᠤᠨ ᠵᠢᠯ︾ ᠢ ᠰᠠᠶᠢᠳᠤᠷ ᠡᠬᠢᠯᠡᠬᠦᠯᠬᠦ ᠶᠢᠨ ᠲᠤᠭᠤᠷᠢᠨ ᠳᠤ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ︽ | ᠨᠢᠭᠡᠳᠦᠭᠡᠷ ᠬᠠᠷᠢᠭᠤᠴᠠᠯᠭᠠᠳᠠᠨ︾ ᠪᠣᠯᠤᠨ ᠤᠳᠤᠷᠢᠳᠬᠤ ᠪᠠᠭ ᠲᠠᠬᠢ ᠡᠳᠦᠷ ᠲᠤᠳᠤᠮ ᠤᠨ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠠᠵᠢᠯ ᠤᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠣᠷᠣᠰᠢᠵᠤ ᠪᠠᠶᠢᠭ᠎ᠠ ᠤᠯᠤᠰ ᠲᠦᠷᠦ ᠶᠢᠨ ᠠᠯᠳᠠᠭ᠎ᠠ | ᠲᠤᠳᠠᠬᠳᠠᠯ ᠢ ᠵᠠᠯᠠᠷᠠᠭᠤᠯᠵᠠᠢ᠃ ᠬᠦᠨᠳᠦ ᠶᠡᠭᠡ ᠢᠯᠵᠠᠷᠠᠯ ᠤᠨ ᠬᠡᠷᠡᠭ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠯᠤᠰ | ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠤᠨ ᠬᠡᠷᠡᠭ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡ᠂ ᠤᠯᠤᠰ ᠲᠦᠷᠦ ᠬᠠᠤᠯᠢ | ᠴᠠᠭᠠᠵᠠ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠨᠡᠭᠡᠭᠡᠯᠳᠡ ᠶᠢᠨ ᠳᠤᠭᠤᠷᠢᠭ ᠤᠨ ᠪᠦᠲᠦᠭᠡᠨ | ᠪᠠᠶᠢᠭᠤᠯᠤᠯᠲᠠ ᠵᠡᠷᠭᠡ ᠬᠦᠷᠢᠶᠡᠨ ᠳᠠᠬᠢ ᠢᠯᠵᠠᠷᠠᠯ ᠢ ᠡᠰᠡᠷᠭᠦᠴᠡᠬᠦ ᠡᠷᠴᠢᠮ ᠢ ᠴᠢᠩᠭᠠᠷᠠᠭᠤᠯᠵᠤ᠂ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠪᠣᠳᠠᠲᠠᠶᠢᠵᠢᠭᠤᠯᠪᠠ᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠴᠠᠭ ᠢᠮᠠᠭᠲᠠ ᠵᠣᠭᠰᠣᠯ ᠦᠭᠡᠢ ᠠᠬᠢᠭᠤᠯᠵᠤ᠂ ᠬᠡᠯᠪᠡᠷᠢᠴᠢ | ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠣᠯᠤᠨ ᠱᠠᠯᠢᠨ ᠪᠦᠷᠢᠯᠭᠡᠬᠦ ᠰᠤᠷᠲᠠᠯ ᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠪᠠ ᠬᠡᠪ ᠰᠤᠷᠲᠠᠯ ᠳᠤ ᠬᠢᠨᠠᠯᠲᠠ ᠲᠠᠯᠪᠢᠬᠤ ᠶᠢ | ᠴᠢᠩᠭᠠᠳᠬᠠᠪᠠ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠤᠷᠢᠨ | ᠪᠠᠶᠢᠴᠠᠭᠠᠬᠤ ᠴᠠᠭᠳᠠᠨ ᠪᠠᠶᠢᠴᠠᠭᠠᠬᠤ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠠᠢ᠃ ᠲᠦᠷᠢᠮ | ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ︽ᠲᠦᠷᠪᠡᠨ ᠵᠦᠢᠯ ᠤᠨ ᠬᠡᠯᠪᠡᠷᠢ | ︾ ᠶᠢ ᠭᠦᠨᠵᠡᠭᠡᠢ ᠬᠡᠷᠡᠭᠯᠡᠵᠦ᠂ ᠣᠨᠣᠪᠴᠢᠲᠠᠢ ᠵᠢᠷᠤᠮᠵᠢᠯ ᠲᠠᠢ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢᠨ ᠲᠣᠭᠤᠷᠢᠨ ᠳᠤ ᠰᠢᠯᠵᠢᠯᠲᠡ ᠶᠢᠨ ᠬᠤᠭᠤᠴᠠᠭᠠᠨ ᠤ | ᠲᠤᠰᠬᠠᠢ ᠬᠢᠨᠠᠯᠲᠠ ᠲᠠᠯᠪᠢᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠢᠯᠵᠡᠷᠡᠯ ᠪᠣᠯᠤᠨ ᠰᠤᠷᠲᠠᠯ ᠤᠨ | ᠠᠰᠠᠭᠤᠳᠠᠯ ᠤᠨ ᠲᠤᠰᠬᠠᠢ ᠵᠠᠰᠠᠯᠲᠠ ᠶᠢ ᠭᠦᠨᠵᠡᠭᠡᠶᠢᠷᠡᠭᠦᠯᠵᠦ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ | ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ | ᠬᠤᠯᠪᠣᠭᠳᠠᠭᠰᠠᠨ ᠢᠯᠵᠡᠷᠡᠯ ᠪᠣᠯᠤᠨ ︽ᠬᠠᠮᠠᠭᠠᠯᠠᠭᠴᠢ ᠰᠢᠬᠦᠷ︾ ᠢ ᠡᠷᠡᠰ ᠵᠠᠯᠬᠠᠭᠠᠨ ᠰᠢᠢᠳᠭᠡᠪᠠ᠃ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠲᠣᠭᠲᠠᠭᠠᠯ ᠤᠨ | ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠡᠷᠬᠡ ᠶᠢ ᠴᠢᠩᠭ᠎ᠠ | ᠬᠢᠨᠠᠯᠳᠠ ᠲᠠᠯᠪᠢᠨ ᠬᠢᠵᠠᠭᠠᠷᠯᠠᠵᠤ᠂ ︽ᠳᠡᠷᠬᠡᠳᠡᠬᠢ ᠠᠰᠠᠭᠤᠳᠠᠯ ᠢᠶᠠᠨ ᠤᠯᠵᠥ ᠬᠠᠷᠠᠬᠤ ᠦᠬᠡᠢ︾ ᠪᠠᠶᠢᠬᠤ ᠶᠢ ᠡᠷᠡᠰ | ᠰᠡᠷᠭᠡᠶᠢᠯᠡᠪᠠ᠃ ᠪᠦᠬᠦᠳᠠ ᠬᠤᠷᠠᠯ ᠠᠴᠠ ᠥᠩᠭᠡᠷᠡᠭᠰᠡᠨ ᠨᠢᠭᠡ ᠵᠢᠯ ᠤᠨ ᠦᠢᠯᠡᠳᠦᠯᠭᠡ ᠶᠢᠨ ᠳᠤᠮᠳᠠ ᠪᠦᠷᠢᠯᠳᠦᠭᠰᠡᠨ | ᠲᠠᠨᠢᠯᠲᠠ ᠣᠶᠢᠯᠠᠭᠠᠯᠲᠠ ᠪᠠᠨ ᠳ᠋ᠦᠩᠨᠡᠵᠦ᠂ ᠠᠮᠵᠢᠯᠲᠠ ᠪᠠᠨ ᠨᠤᠲᠠᠯᠠᠬᠤ ᠶᠢᠨ ᠬᠠᠮᠲᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ | ᠪᠣᠳᠠᠲᠠᠢ ᠪᠠᠷ ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ | ᠃ | ᠪᠦᠬᠦᠳᠡ ᠬᠤᠷᠠᠯ ᠠᠴᠠ᠂ 2022 ᠣᠨ ᠳᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠤᠯᠤᠨ᠎ᠠ | ᠂ ᠡᠨᠡ ᠪᠣᠯ ᠨᠠᠮ ᠪᠣᠯᠤᠨ ᠤᠯᠤᠰ ᠤᠨ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠬᠡᠨ ᠶᠡᠭᠡ ᠶᠠᠪᠤᠳᠠᠯ ᠪᠣᠯᠤᠨ᠎ᠠ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠥ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠳᠦᠪ ᠬᠤᠷᠢᠶ᠎ᠠ ᠶᠢᠨ ᠤᠳᠠᠭ᠎ᠠ | ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠥ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠥ | ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠥ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠥ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ | ᠤᠬᠠᠮᠰᠠᠷ ᠠᠴᠠ ᠪᠠᠨ ᠡᠵᠡᠮᠳᠡᠬᠦ ᠪᠠ ᠬᠡᠷᠡᠭᠯᠡᠵᠥ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ᠂ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠨ ᠡᠭᠦᠷᠢᠳᠡ ᠪᠠᠳᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠪᠠᠷᠢᠮᠲᠠᠯᠠᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ | ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠡᠴᠦᠰ ᠲᠤᠨᠢ ᠲᠤᠯᠲᠠᠯ᠎ᠠ ᠬᠢᠵᠥ᠂ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠬᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠬᠤ ᠶᠢ ᠦᠷᠬᠦᠯᠵᠢᠯᠡᠨ ᠬᠦᠨᠵᠡᠬᠡᠶᠢᠷᠡᠬᠦᠯᠵᠥ᠂ ᠵᠠᠯᠬᠠᠭᠠᠨ ᠰᠢᠢᠳᠭᠡᠵᠦ ᠰᠦᠷᠳᠡᠭᠦᠯᠬᠦ᠂ | ᠳᠦᠷᠢᠮ ᠢᠶᠠᠷ ᠬᠢᠵᠠᠭᠠᠷᠯᠠᠬᠤ᠂ ᠤᠬᠠᠮᠰᠠᠷ ᠢᠶᠠᠨ ᠳᠡᠭᠡᠭᠰᠢᠯᠡᠭᠦᠯᠬᠦ ᠳᠠᠯ᠎ᠠ ᠪᠠᠷ ᠨᠢᠭᠡ ᠴᠣᠭᠴᠠᠵᠢᠭᠤᠯᠤᠨ ᠬᠦᠴᠦᠯᠡᠵᠥ᠂ ᠨᠡᠩ | ᠤᠯᠠᠨ ᠲᠦᠷᠢᠮ ᠤᠨ ᠴᠢᠨᠠᠷᠲᠠᠢ ᠦᠷ᠎ᠡ ᠪᠦᠲᠦᠭᠡᠯ ᠪᠣᠯᠤᠨ ᠨᠡᠩ ᠶᠡᠭᠡ ᠵᠠᠰᠠᠯᠲᠠ ᠶᠢᠨ ᠦᠷ᠎ᠡ ᠪᠦᠲᠦᠮᠵᠢ ᠤᠯᠬᠤ ᠪᠠᠷ | ᠴᠢᠷᠮᠠᠶᠢᠵᠥ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠵᠢᠷᠤᠮᠵᠢᠭᠰᠡᠨ᠂ ᠬᠠᠤᠯᠢᠵᠢᠭᠰᠠᠨ᠂ | ᠵᠢᠩᠬᠢᠨᠢᠴᠢᠯᠡᠭᠰᠡᠨ ᠪᠠᠶᠢᠭᠤᠯᠤᠯᠲᠠ ᠶᠢ ᠴᠢᠩᠭᠠᠳᠬᠠᠵᠥ᠂ ᠬᠡᠷᠡᠭᠵᠢᠬᠦᠯᠦᠯᠳᠡ ᠶᠢ ᠬᠢᠨᠠᠯᠲᠠ ᠲᠠᠯᠪᠢᠨ ᠪᠠᠲᠤᠯᠠᠬᠤ᠂ | ᠬᠦᠭᠵᠢᠯᠳᠠ ᠶᠢ ᠲᠡᠭᠦᠯᠳᠡᠷᠵᠢᠭᠦᠯᠦᠨ ᠠᠬᠢᠭᠤᠯᠬᠤ ᠦᠢᠯᠡᠳᠦᠯ ᠢ ᠨᠠᠩ ᠰᠠᠶᠢᠳᠤᠷ ᠪᠠᠳᠠᠷᠠᠭᠤᠯᠵᠥ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠳᠡᠢ ᠬᠡᠵᠥ ᠳᠤᠷᠠᠳᠤᠨ ᠭᠠᠷᠭᠠᠵᠠᠢ᠃ | ᠪᠦᠬᠦᠳᠡ ᠬᠤᠷᠠᠯ ᠠᠴᠠ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠯ ᠮᠠᠨ ᠤ ᠨᠠᠮ ᠤᠨ | ᠪᠤᠰᠤᠳ ᠲᠦᠷᠦ ᠶᠢᠨ ᠨᠠᠮ ᠠᠴᠠ ᠢᠯᠭᠠᠭᠳᠠᠬᠤ ᠢᠯᠡᠷᠬᠡᠢ ᠪᠡᠯᠭᠡ ᠲᠡᠮᠳᠡᠭ ᠮᠥᠨ᠂ ᠨᠠᠮ ᠤᠨ ᠰᠠᠮᠠᠭᠤᠷᠠᠯ ᠢ ᠵᠠᠰᠠᠵᠤ | ᠮᠠᠨᠳᠤᠵᠤ ᠳᠤᠷᠦ᠋ᠢᠲᠠᠬᠤ ᠲᠡᠦᠬᠡᠨ ᠦᠶᠡᠯᠡᠯ ᠠᠴᠠ ᠮᠤᠯᠲᠤᠷᠠᠵᠤ᠂ ᠵᠠᠭᠤᠨ ᠵᠢᠯ ᠤᠨ ᠤᠯᠠᠷᠢᠯ ᠬᠤᠪᠢᠰᠤᠯᠲᠠ ᠶᠢ | ᠥᠩᠭᠡᠷᠡᠭᠡᠭᠰᠡᠨ ᠴᠣ᠋ ᠠᠮᠢᠵᠢᠷᠠᠯ ᠤᠨ ᠬᠦᠴᠦᠨ ᠢᠶᠠᠷ ᠨᠡᠩ ᠪᠢᠯᠬᠠᠮ᠎ᠠ ᠪᠤᠯᠤᠭᠰᠠᠨ ᠤ ᠠᠮᠵᠢᠯᠲᠠ ᠶᠢᠨ ᠨᠢᠭᠤᠴᠠ ᠵᠣᠷ ᠮᠥᠨ᠃ | ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠮᠠᠷᠺᠰ ᠤᠨ ᠦᠵᠡᠯ ᠤᠨ | ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ | ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠶᠢᠨ ᠪᠠᠶᠢᠷᠢ | ᠲᠣᠭᠲᠠᠭᠠᠯᠲᠠ ᠪᠠᠨ ᠪᠠᠲᠤ ᠰᠠᠬᠢᠵᠤ᠂ ᠥᠪᠡᠷ ᠤᠨ ᠪᠡᠶ᠎ᠡ ᠳᠡᠭᠡᠨ ᠲᠦᠢᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠶᠢ | ᠪᠠᠳᠠᠷᠠᠭᠤᠯᠵᠤ᠂ ᠦᠯᠡᠳᠡᠭᠳᠡᠯ ᠢ ᠡᠷᠡᠰ ᠠᠷᠢᠯᠭᠠᠵᠤ᠂ ᠨᠡᠮᠡᠭᠳᠡᠯ ᠢ ᠡᠷᠡᠰ ᠬᠤᠷᠢᠭᠯᠠᠵᠤ᠂ ᠰᠤᠷᠲᠠᠯ ᠢ ᠲᠥᠪ ᠪᠣᠯᠭᠠᠨ | ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠡᠯ ᠢ ᠡᠰᠡᠷᠭᠦᠴᠡᠬᠦ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠦᠷᠢᠮ ᠢ | ᠲᠡᠭᠦᠯᠳᠡᠷᠵᠢᠭᠦᠯᠬᠦ᠂ ᠵᠠᠰᠠᠯᠲᠠ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ ᠲᠠᠢ ᠬᠤᠯᠪᠤᠭᠳᠠᠭᠤᠯᠵᠤ᠂ ᠨᠠᠮ ᠤᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ᠂ ᠨᠠᠮ ᠤᠨ ᠤᠨᠤᠯ ᠪᠣᠯᠤᠨ ᠱᠤᠭᠤᠮ ᠴᠢᠭᠯᠡᠯᠲᠡ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ᠂ ᠨᠠᠮ ᠤᠨ ᠲᠡᠷᠢᠭᠦᠨ ᠤ ᠴᠢᠨᠠᠷ ᠪᠣᠯᠤᠨ ᠴᠡᠪᠡᠷ ᠴᠢᠨᠠᠷ ᠢ | ᠬᠠᠮᠠᠭᠠᠯᠠᠬᠤ ᠲᠠᠯ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠨᠠᠮ ᠪᠣᠯᠤᠨ ᠤᠯᠤᠰ ᠤᠨ | ᠠᠵᠢᠯ ᠤᠨ ᠶᠡᠭᠡ ᠲᠠᠯ᠎ᠠ ᠳᠤ ᠬᠦᠴᠦᠲᠡᠢ ᠪᠦᠲᠦᠮᠵᠢᠲᠡᠢ ᠦᠢᠯᠡᠴᠢᠯᠡᠵᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠨᠢᠭᠡᠳᠦᠭᠡᠷ ᠲᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠤᠯᠤᠰ ᠤᠨ ᠶᠡᠭᠡ ᠶᠠᠪᠤᠳᠠᠯ︾ ᠳᠤ | ᠠᠩᠬᠠᠷᠤᠯ ᠢᠶᠠᠨ ᠲᠥᠪᠯᠡᠷᠡᠭᠦᠯᠦᠨ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠵᠤ ᠪᠠᠶᠢᠩᠭᠤᠵᠢᠭᠤᠯᠬᠤ ᠶᠢ | ᠠᠬᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠪᠠ ᠰᠠᠶᠢᠲᠤᠷ ᠬᠤᠷᠠᠯᠳᠤᠭᠤᠯᠬᠤ ᠪᠠᠷ ᠭᠤᠣᠯ | ᠰᠢᠵᠢᠮ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠥᠪᠡᠷ ᠤᠨ ᠪᠡᠶ᠎ᠡ ᠳᠡᠭᠡᠨ | ᠬᠤᠪᠢᠰᠬᠠᠯ ᠬᠢᠭᠰᠡᠨ ᠲᠡᠦᠬᠡᠨ ᠲᠤᠷᠰᠢᠯᠭ᠎ᠠ ᠶᠢ ᠭᠦᠨᠵᠡᠭᠡᠢ ᠬᠡᠷᠡᠭᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠱᠠᠳᠤ ᠶᠢ ᠡᠵᠡᠮᠳᠡᠬᠦ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠥᠭᠡᠷᠡᠴᠢᠯᠡᠯᠲᠡ ᠨᠡᠭᠡᠭᠡᠯᠳᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠬᠤ᠂ ᠬᠦᠨᠳᠦ | ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠲᠠᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠬᠡᠯᠪᠠᠶᠢᠯᠭᠡᠬᠦ ᠦᠭᠡᠢ᠂ ᠬᠤᠪᠢᠷᠠᠭᠤᠯᠬᠤ ᠦᠭᠡᠢ᠂ ᠥᠭᠡᠷᠡᠲᠦᠭᠦᠯᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠢ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠩᠬᠠᠷᠴᠤ᠂ ︽ᠨᠢᠭᠡᠳᠦᠭᠡᠷ ᠬᠠᠷᠢᠭᠤᠴᠠᠯᠭᠠᠲᠠᠨ︾ | ᠪᠣᠯᠤᠨ ᠤᠳᠤᠷᠢᠳᠬᠤ ᠪᠠᠭ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ | ᠠᠷᠠᠳᠴᠢᠯᠠᠯ ᠲᠥᠪᠯᠡᠷᠡᠯ ᠤᠨ ᠶᠣᠰᠣ ᠶᠢ ᠬᠡᠷᠡᠭᠵᠢᠭᠦᠯᠬᠦ᠂ ᠲᠣᠭᠲᠠᠭᠠᠯ ᠶᠣᠰᠣᠭᠠᠷ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠵᠦ ᠡᠷᠬᠡ ᠪᠠᠨ ᠬᠡᠷᠡᠭᠯᠡᠬᠦ ᠵᠡᠷᠭᠡ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ | ᠬᠡᠷᠡᠭᠲᠡᠢ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠬᠡᠪ ᠰᠤᠷᠲᠠᠯ ᠢ ᠴᠢᠩᠳᠠᠯᠠᠵᠤ᠂ ᠤᠯᠤᠰ ᠲᠥᠷᠥ ᠶᠢᠨ ᠪᠣᠭᠤᠮᠲᠠ ᠪᠠ | ᠠᠷᠢᠭᠤᠨ ᠴᠢᠬᠡᠴᠢ ᠶᠢᠨ ᠪᠣᠭᠤᠮᠲᠠ ᠶᠢ ᠴᠢᠩᠭ᠎ᠠ ᠰᠠᠬᠢᠵᠤ᠂ ᠰᠣᠩᠭᠤᠭᠤᠯᠢ ᠶᠢᠨ ᠪᠢᠯᠧᠲ ᠲᠠᠲᠠᠵᠤ ᠰᠣᠩᠭᠤᠭᠤᠯᠢ ᠳᠤ | ᠬᠠᠭ᠋ᠤᠤᠯᠢᠳᠠᠬᠰᠠᠨ᠂ ᠨᠠᠶᠢᠷ ᠲᠠᠯ᠎ᠠ ᠬᠡᠯᠡᠵᠦ ᠤᠷᠢᠳᠴᠢᠯᠠᠨ ᠮᠡᠳᠡᠭᠳᠡᠭᠰᠡᠨ᠂ ᠰᠣᠩᠭᠤᠭᠤᠯᠢ ᠶᠢ ᠡᠪᠳᠡᠭᠰᠡᠨ ᠵᠡᠷᠭᠡ ᠦᠢᠯᠡ | ᠠᠵᠢᠯᠯᠠᠭ᠎ᠠ ᠶᠢ ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠬᠤᠶᠠᠳᠤᠭᠠᠷ ᠲᠤ᠂ ᠢᠯᠵᠠᠷᠠᠯ ᠢ ᠡᠰᠡᠷᠭᠦᠴᠡᠬᠦ ᠪᠠ ᠵᠠᠯᠬᠠᠭᠠᠨ ᠰᠢᠢᠳᠭᠡᠬᠦ ᠬᠦᠴᠦᠷᠬᠡᠭ ᠶᠡᠭᠡ ᠬᠦᠴᠦᠨ ᠢ ᠢᠮᠠᠭᠲᠠ | ᠪᠠᠷᠢᠮᠲᠠᠯᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠬᠦ ᠬᠡᠷᠡᠭᠲᠡᠢ᠃ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠪᠠᠶᠢᠳᠠᠯ ᠰᠢᠨ᠎ᠡ ᠥᠷᠢᠰᠥᠯᠳᠦᠭᠡᠨ ᠢ ᠰᠠᠨᠠᠭᠠᠴᠢᠯᠠᠭ᠎ᠠ ᠠᠴᠠ ᠪᠠᠨ | ᠠᠷᠭᠠᠴᠠᠭᠠᠵᠤ᠂ ︽ᠲᠤᠯᠤᠭᠠᠨ ᠵᠦᠢᠯ ᠪᠠᠶᠢᠬᠤ︾ ᠠᠰᠠᠭᠤᠳᠠᠯ ᠢ ᠡᠷᠡᠰ ᠰᠡᠷᠭᠡᠶᠢᠯᠡᠨ ᠪᠠᠶᠢᠴᠠᠭᠠᠨ ᠰᠢᠢᠳᠪᠦᠷᠢᠯᠡᠵᠦ᠂ | ᠨᠠᠮ ᠤᠨ ᠳᠣᠲᠣᠭᠠᠳᠤ ᠳᠤ ᠤᠯᠤᠰ ᠲᠦᠷᠦ ᠶᠢᠨ ᠡᠪᠰᠡᠯ ᠪᠦᠯᠦᠭ᠂ ᠵᠢᠵᠢᠭ ᠪᠦᠯᠦᠭᠯᠡᠯ᠂ ᠠᠰᠢᠭ ᠲᠤᠰᠠ ᠶᠢᠨ ᠪᠦᠯᠦᠭᠯᠡᠯ | ᠪᠠᠶᠢᠭᠤᠯᠵᠤ ᠪᠠᠶᠢᠭ᠎ᠠ ᠬᠥᠮᠦᠰ ᠲᠤ ᠥᠴᠦᠬᠡᠨ ᠴᠦ ᠢᠯᠳᠠᠷ ᠬᠠᠶᠠᠵᠤ ᠪᠤᠯᠬᠤ ᠦᠭᠡᠢ᠂ ᠵᠠᠯᠠᠭᠤ ᠺᠠᠳ᠋ᠷᠴᠤᠳ ᠢ ᠴᠢᠩᠭ᠎ᠠ | ᠬᠥᠮᠦᠵᠢᠭᠦᠯᠦᠨ ᠬᠠᠮᠢᠶᠠᠷᠴᠤ ᠬᠢᠨᠠᠬᠤ ᠬᠡᠷᠡᠭᠲᠡᠢ᠃ ᠬᠦᠷᠦᠩᠬᠡ ᠶᠢ ᠡᠮᠬᠢ ᠵᠠᠮᠪᠠᠷᠠᠭ᠎ᠠ ᠦᠬᠡᠢ ᠥᠷᠭᠡᠳᠭᠡᠬᠦ᠂ ᠲᠠᠪᠴᠠᠩ ᠢ | ᠭᠠᠭᠴᠠᠭᠠᠷ ᠡᠵᠡᠮᠰᠢᠬᠦ ᠵᠡᠷᠭᠡ ᠶᠢᠨ ᠠᠷᠤ ᠳᠠᠬᠢ ᠢᠯᠵᠠᠷᠡᠯ ᠤᠨ ᠠᠵᠢᠯᠯᠠᠭ᠎ᠠ ᠶᠢ ᠬᠦᠴᠦᠯᠡᠨ ᠪᠠᠶᠢᠴᠠᠭᠠᠨ ᠰᠢᠢᠳᠪᠦᠷᠢᠯᠡᠵᠦ᠂ | ᠡᠷᠬᠡ ᠪᠣᠯᠤᠨ ᠬᠦᠷᠦᠩᠬᠡ ᠶᠢ ᠬᠤᠯᠪᠣᠬᠤ ᠬᠤᠯᠪᠣᠭᠠᠰᠤ ᠶᠢ ᠲᠠᠰᠤᠯᠬᠤ ᠬᠡᠷᠡᠭᠲᠡᠢ᠃ ᠡᠳ᠋ ᠤᠨ ᠵᠠᠰᠠᠭ ᠠᠵᠤ ᠠᠬᠤᠢ ᠶᠢᠨ | ᠰᠠᠬᠢᠯᠭ᠎ᠠ ᠪᠠᠲᠤ ᠶᠢ ᠴᠢᠩᠳᠠᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠠᠯᠳᠠ ᠥᠭᠴᠡᠭᠡᠨ ᠤ ᠲᠦᠭᠰᠢᠭᠦᠷᠢ ᠶᠢ | ᠰᠡᠷᠭᠡᠶᠢᠯᠡᠨ ᠨᠠᠮᠲᠠᠭᠤᠯᠬᠤ ᠶᠢ ᠠᠬᠢᠭᠤᠯᠬᠤ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠤᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠲᠠᠯ᠎ᠠ ᠶᠢᠨ ᠢᠯᠵᠠᠷᠠᠯ ᠤᠨ ᠠᠰᠠᠭᠤᠳᠠᠯ ᠢ ᠡᠷᠡᠰ ᠪᠠᠶᠢᠴᠠᠭᠠᠨ | ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠢᠯᠵᠠᠷᠠᠯ ᠤᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠵᠦ᠂ ᠠᠮᠤ ᠪᠤᠳᠠᠭ᠎ᠠ | ᠬᠤᠳᠠᠯᠳᠤᠨ ᠠᠪᠬᠤ ᠪᠠ ᠪᠣᠷᠣᠯᠠᠭᠤᠯᠬᠤ ᠵᠡᠷᠭᠡ ᠬᠦᠷᠢᠶᠡᠨ ᠳᠠᠬᠢ ᠢᠯᠵᠠᠷᠠᠯ ᠤᠨ ᠲᠤᠰᠬᠠᠢ ᠴᠡᠭᠴᠡᠯᠡᠨ ᠵᠠᠰᠠᠯᠲᠠ ᠶᠢ | ᠭᠦᠨᠵᠡᠭᠡᠶᠢᠷᠡᠭᠦᠯᠬᠦ ᠬᠡᠷᠡᠭᠲᠡᠢ᠃ ᠬᠡᠭᠡᠯᠢ ᠲᠦᠯᠬᠢᠭᠴᠢ ᠶᠢᠨ ︽ᠬᠠᠷ᠎ᠠ ᠳᠠᠩᠰᠠ︾ ᠶᠢᠨ ᠳᠦᠷᠢᠮ ᠢ ᠰᠦᠪᠡᠭᠴᠢᠯᠡᠨ | ᠬᠡᠷᠡᠭᠵᠢᠭᠦᠯᠬᠦ ᠬᠡᠷᠡᠭᠲᠡᠢ᠃ ︽ᠬᠠᠤᠯᠢ ᠶᠢᠨ ᠲᠣᠣᠷ ᠤᠨ ᠠᠵᠢᠯᠯᠠᠭ᠎ᠠ︾ ᠶᠢ ᠠᠬᠢᠭᠤᠯᠵᠤ᠂ ᠢᠯᠵᠠᠷᠠᠯ ᠢ ᠡᠰᠡᠷᠭᠦᠴᠡᠬᠦ ᠤᠯᠠᠨ | ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠬᠤ ᠬᠡᠷᠡᠭᠲᠡᠢ᠃ ︽ᠳᠥᠷᠪᠡᠨ ᠵᠦᠶ᠋ᠯ ᠤᠨ ᠬᠡᠯᠪᠡᠷᠢ ᠪᠠᠶᠢᠳᠠᠯ︾ ᠤᠨ | ᠬᠡᠷᠡᠭᠯᠡᠯᠲᠡ ᠶᠢᠨ ᠲᠣᠭᠲᠠᠴᠠ ᠶᠢ ᠭᠦᠨᠵᠡᠭᠡᠶᠢᠷᠡᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ | ᠭᠦᠨᠵᠡᠭᠡᠶᠢᠷᠡᠭᠦᠯᠦᠨ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠲᠦᠷᠢᠮ ᠲᠣᠭᠲᠠᠴᠠ ᠶᠢ ᠨᠢᠭᠡ | ᠴᠤᠭᠴᠠᠵᠢᠭᠤᠯᠤᠨ ᠠᠬᠢᠭᠤᠯᠬᠤ ᠬᠡᠷᠡᠭᠲᠡᠢ᠃ | ᠭᠤᠷᠪᠠᠳᠤᠭᠠᠷ ᠲᠤ᠂ ᠲᠥᠪ ᠤᠨ ᠨᠠᠢᠮᠠᠨ ᠲᠣᠭᠲᠠᠭᠠᠯ ᠤᠨ ᠬᠠᠰᠢᠯᠭ᠎ᠠ ᠳᠠᠯᠠᠩ ᠢ ᠦᠷᠭᠦᠯᠵᠢᠯᠡᠨ ᠪᠠᠬᠢᠵᠢᠭᠦᠯᠵᠦ᠂ | ᠤᠯᠠᠨ ᠲᠦᠮᠡᠨ ᠤ ᠳᠡᠷᠭᠡᠳᠡᠬᠢ ᠢᠯᠵᠠᠷᠡᠯ ᠪᠣᠯᠤᠨ ᠲᠥᠪ ᠪᠤᠰᠤ ᠰᠤᠷᠲᠠᠯ ᠢ ᠴᠥᠬᠦᠷᠡᠰᠢ ᠦᠭᠡᠢ ᠴᠡᠭᠴᠡᠯᠡᠨ ᠵᠠᠰᠠᠬᠤ | ᠬᠡᠷᠡᠭᠲᠡᠢ᠃ ︽ᠳᠥᠷᠪᠡᠨ ᠰᠤᠷᠲᠠᠯ︾ ᠤᠨ ᠴᠤᠬᠤᠶᠢᠯᠳᠠ ᠶᠢᠨ ᠴᠢᠨᠠᠷᠲᠠᠶ᠂ ᠬᠡᠯᠪᠡᠷᠢᠯ ᠤᠨ ᠴᠢᠨᠠᠷᠲᠠᠶ᠂ ᠳᠠᠯᠳᠠ ᠴᠢᠨᠠᠷᠲᠠᠶ | ᠠᠰᠠᠭᠤᠳᠠᠯ ᠢ ᠨᠢᠭᠲᠠ ᠠᠩᠬᠠᠷᠴᠤ᠂ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠥᠯᠥᠭᠡᠯᠡᠬᠦ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠶᠢ | ᠥᠯᠥ ᠬᠠᠶᠢᠬᠤᠷᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠡᠷᠡᠰ ᠴᠡᠭᠴᠡᠯᠡᠨ ᠵᠠᠰᠠᠵᠤ᠂ ᠨᠠᠮ ᠤᠨ ᠳᠦᠷᠢ ᠲᠥᠷᠬᠦ ᠶᠢ ᠬᠤᠬᠢᠷᠠᠭᠤᠯᠤᠭᠰᠠᠨ᠂ ᠣᠯᠠᠨ ᠲᠦᠮᠡᠨ ᠤ ᠲᠤᠰᠬᠠᠯ ᠴᠢᠩᠭ᠎ᠠ | ᠪᠠᠶᠢᠭ᠎ᠠ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ ᠭᠦᠨᠵᠡᠭᠡᠶ ᠴᠡᠭᠴᠡᠯᠡᠨ ᠵᠠᠰᠠᠵᠤ᠂ ᠵᠢᠮ᠎ᠡ ᠶᠣᠰᠣ ᠶᠢ | ᠥᠯᠥ ᠬᠦᠨᠳᠦᠳᠭᠡᠬᠦ᠂ ᠪᠤᠰᠤᠳᠴᠢ ᠪᠣᠳᠠᠲᠤ ᠪᠠᠶᠢᠳᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠥᠯᠥ | ᠬᠦᠨᠳᠦᠳᠭᠡᠬᠦ ᠳᠤᠷ᠎ᠠ ᠪᠠᠷ ᠢᠶᠠᠨ ᠦᠶ᠋ᠯᠡᠳᠬᠦ ᠠᠰᠠᠭᠤᠳᠠᠯ ᠵᠢᠴᠢ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠬᠦ᠂ ᠲᠤᠰᠢᠶᠠᠯ | ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠤᠷᠤᠭᠰᠢᠯᠠᠨ ᠳᠠᠪᠰᠢᠬᠤ ᠶᠢ ᠥᠯᠥ ᠪᠤᠳᠤᠵᠤ ᠠᠵᠢᠯ ᠥᠯᠥ ᠬᠢᠬᠦ ᠠᠰᠠᠭᠤᠳᠠᠯ ᠢ | ᠪᠠᠶᠢᠴᠠᠭᠠᠨ ᠰᠢᠶ᠋ᠳᠪᠦᠷᠢᠯᠡᠬᠦ ᠭᠡᠷᠡᠭᠳᠠᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠦᠷᠦᠯ | ᠵᠦᠢᠯ ᠢ ᠠᠬᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ︽ᠬᠠᠮᠠᠭᠠᠯᠠᠬᠴᠢ | ᠰᠢᠬᠦᠷ ᠲᠤ ᠴᠤᠬᠢᠯᠳᠠ ᠦᠭᠴᠤ ᠬᠠᠷᠢᠴᠠᠭᠠᠨ ᠤ ᠲᠣᠣᠷ ᠢ ᠡᠪᠳᠡᠬᠦ︾ ᠶᠢ ᠪᠠᠶᠢᠩᠭᠤᠵᠢᠭᠤᠯᠤᠨ ᠠᠬᠢᠭᠤᠯᠬᠤ ᠭᠡᠷᠡᠭᠳᠠᠢ᠃ | ᠳᠥᠷᠪᠡᠳᠦᠭᠡᠷ ᠲᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠳᠡᠭᠡᠳᠦ ᠲᠤᠤᠷᠠᠳᠤ ᠱᠠᠳᠤ ᠬᠤᠯᠪᠣᠭᠠᠯᠠᠨ | ᠬᠥᠳᠡᠯᠦᠯᠴᠡᠬᠦ ᠪᠠᠶᠢᠷᠢᠰᠢᠯ ᠢ ᠪᠦᠷᠢᠨᠰᠢᠬᠦᠯᠵᠤ᠂ ᠴᠢᠨᠠᠷ ᠰᠠᠶᠢᠲᠠᠢ ᠪᠦᠬᠦᠨ ᠢ ᠪᠦᠷᠬᠦᠬᠦᠯᠬᠦ ᠬᠠᠷᠠᠯᠲᠠ ᠡᠭᠦᠷᠭᠡ ᠶᠢ ᠪᠡᠶᠡᠯᠡᠭᠦᠯᠬᠦ | ᠬᠡᠷᠡᠭᠲᠡᠢ᠃ ︽ᠬᠤᠶᠠᠷ ᠢ ᠬᠠᠮᠠᠭᠠᠯᠠᠬᠤ︾ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ | ᠤᠳᠤᠷᠢᠳᠬᠤ ᠡᠭᠦᠷᠭᠡ ᠴᠢᠳᠠᠪᠬᠢ ᠬᠠᠷᠢᠭᠤᠴᠠᠯᠭ᠎ᠠ ᠪᠠᠨ ᠭᠦᠢᠴᠡᠳᠭᠡᠬᠦ ᠲᠠᠢ ᠨᠢᠭᠲᠠ ᠤᠶᠠᠯᠳᠤᠭᠤᠯᠤᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠭᠰᠠᠨ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠤᠭᠰᠠᠨ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠬᠡᠷᠡᠭᠵᠢᠭᠦᠯᠦᠭᠰᠡᠨ ᠵᠡᠷᠭᠡ | ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠭᠡᠷᠡᠭᠳᠠᠢ᠃ ᠲᠣᠭᠤᠷᠢᠨ ᠪᠠᠶᠢᠴᠠᠭᠠᠯᠳᠠ ᠶᠢ ᠵᠣᠬᠢᠶᠠᠨ ᠪᠠᠶᠢᠭᠤᠯᠬᠤ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠲᠥᠪ ᠪᠠ ᠮᠤᠵᠢ ᠣᠷᠣᠨ ᠬᠤᠳᠠ ᠶᠢᠨ ᠨᠠᠮ ᠤᠨ ᠬᠤᠷᠢᠶᠠᠨ ᠤ ᠲᠣᠭᠤᠷᠢᠨ | ᠪᠠᠶᠢᠴᠠᠭᠠᠯᠲᠠ᠂ ᠬᠤᠲᠠ ᠰᠢᠶᠠᠨ ᠤ ᠨᠡᠶᠢᠳᠡᠮ ᠴᠠᠬᠳᠠᠨ ᠪᠠᠶᠢᠴᠠᠭᠠᠯᠳᠠ ᠶᠢ ᠪᠡᠶᠡᠯᠡᠬᠦᠯᠬᠦ ᠭᠡᠷᠡᠭᠳᠠᠢ᠃ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠲᠤᠭᠤᠶᠢᠯᠠᠩ︶ ᠶᠢᠨ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠳᠦᠷ ᠲᠤᠳᠤᠮ ᠤᠨ ᠬᠢᠨᠠᠯᠲᠠ ᠪᠠ ᠲᠤᠰᠬᠠᠢ ᠪᠠᠶᠢᠴᠠᠭᠠᠯᠲᠠ ᠶᠢ ᠴᠢᠩᠭᠠᠳᠬᠠᠵᠤ᠂ | ᠲᠥᠪ ᠤᠨ ᠮᠥᠩᠭᠦᠨ ᠭᠦᠢᠯᠭᠡᠭᠡᠨ ᠤ ᠨᠢᠭᠡᠴᠢ ᠶᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ | ᠠᠵᠢᠯ︾ ᠢ ᠰᠠᠶᠢᠲᠤᠷ ᠬᠢᠬᠦ ᠶᠢ ᠱᠠᠯᠠᠪᠳᠠᠭᠤᠯᠬᠤ ᠭᠡᠷᠡᠭᠳᠠᠢ᠃ ᠮᠤᠵᠢ ᠣᠷᠣᠨ ᠬᠤᠳᠠ ᠶᠢᠨ ᠲᠣᠭᠤᠷᠢᠨ ᠪᠠᠶᠢᠴᠠᠭᠠᠬᠤ | ᠠᠵᠢᠯ ᠳᠠᠬᠢ ᠤᠳᠤᠷᠢᠳᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠵᠤ᠂ ᠲᠥᠪ ᠤᠨ ᠨᠢᠭᠡᠴᠢ ᠶᠢᠨ ᠳᠣᠲᠣᠭᠠᠳᠤ ᠶᠢᠨ | ᠲᠣᠭᠤᠷᠢᠨ ᠪᠠᠶᠢᠴᠠᠭᠠᠯᠲᠠ ᠶᠢ ᠲᠦᠷᠦᠯ ᠬᠤᠪᠢᠶᠠᠨ ᠵᠢᠯᠣᠭᠤᠳᠬᠤ ᠶᠢ ᠭᠦᠨᠵᠡᠭᠡᠶᠢᠷᠡᠭᠦᠯᠵᠦ᠂ ᠲᠣᠰᠬᠤᠨ ︵ᠨᠡᠶᠢᠭᠡᠮ | ᠲᠣᠭᠤᠷᠢᠭ︶ ᠳᠠᠬᠢ ᠴᠠᠬᠳᠠᠨ ᠪᠠᠶᠢᠴᠠᠭᠠᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠭᠡᠷᠡᠭᠳᠠᠢ | ᠃ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠢ | ᠪᠦᠬᠦ ᠲᠠᠯ᠎ᠠ ᠪᠠᠷ ᠳ᠋ᠦᠩᠨᠡᠵᠦ᠂ ᠨᠠᠮ ᠤᠨ ᠲᠥᠪ ᠬᠤᠷᠢᠶ᠎ᠠ ᠳᠤ ᠲᠤᠰᠬᠠᠢ ᠰᠡᠳᠦᠪ ᠢᠶᠠᠷ ᠮᠡᠳᠡᠭᠦᠯᠦᠨ᠎ᠡ᠃ | ᠲᠠᠪᠤᠳᠤᠭᠠᠷ ᠲᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠬᠡᠷᠡᠴᠢᠯᠠᠯᠳᠠ ᠶᠢᠨ | ᠰᠢᠰᠲ᠋ᠧᠮ ᠲᠠᠢ ᠬᠤᠷᠠᠮᠳᠤᠬᠤ᠂ ᠬᠠᠮᠵᠢᠯᠴᠠᠨ ᠦᠨᠳᠤᠷ ᠪᠦᠳᠤᠮᠵᠢᠳᠠᠢ ᠪᠠᠶᠢᠬᠤ ᠶᠢ ᠠᠬᠢᠭᠤᠯᠵᠤ᠂ ᠲᠦᠷᠢᠮ ᠤᠨ | ᠲᠠᠪᠠᠭᠤᠯᠢᠬ ᠢ ᠵᠠᠰᠠᠯᠳᠠ ᠶᠢᠨ ᠦᠢᠯᠡᠳᠦᠯ ᠴᠢᠳᠠᠪᠤᠷᠢ ᠪᠤᠯᠭᠠᠨ ᠬᠤᠪᠢᠷᠠᠭᠤᠯᠬᠤ ᠶᠢ ᠠᠬᠢᠭᠤᠯᠬᠤ ᠭᠡᠷᠡᠭᠳᠠᠢ᠃ ᠨᠠᠮ ᠠᠴᠠ | ᠨᠢᠭᠡᠳᠦᠯᠲᠡᠢ ᠤᠳᠤᠷᠢᠳᠬᠤ᠂ ᠪᠦᠬᠦ ᠲᠠᠯ᠎ᠠ ᠶᠢ ᠬᠠᠮᠤᠷᠬᠤ᠂ ᠡᠷᠬᠡ ᠰᠦᠷ ᠲᠠᠢ ᠪᠥᠭᠡᠳ ᠥᠨᠳᠥᠷ ᠪᠦᠲᠦᠮᠵᠢᠲᠡᠢ ᠪᠠᠶᠢᠬᠤ | ᠱᠠᠭᠠᠷᠳᠠᠯᠭ᠎ᠠ ᠶᠣᠰᠣᠭᠠᠷ᠂ ᠨᠠᠮ ᠤᠨ ᠳᠣᠲᠣᠭᠠᠳᠤ ᠶᠢᠨ ᠬᠢᠨᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠲᠤᠰᠬᠠᠢ ᠬᠠᠷᠢᠭᠤᠴᠠᠯᠭ᠎ᠠ ᠶᠢᠨ ᠬᠢᠨᠠᠯᠲᠠ ᠶᠢ ᠪᠣᠳᠠᠲᠠᠢ ᠬᠢᠵᠦ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠬᠦ ᠭᠡᠷᠡᠭᠳᠠᠢ | ᠃ ᠬᠢᠨᠠᠯᠲᠠ ᠲᠠᠯᠪᠢᠵᠤ ᠪᠠᠶᠢᠴᠠᠭᠠᠬᠤ᠂ ᠬᠢᠨᠠᠨ ᠪᠠᠶᠢᠴᠠᠭᠠᠵᠤ ᠪᠠᠶᠢᠴᠠᠭᠠᠯᠲᠠ ᠬᠢᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ | ᠲᠣᠭᠤᠷᠢᠨ ᠳᠤ᠂ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠲᠤᠤᠷᠠᠳᠤ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠣᠮᠢᠯᠠᠭᠰᠠᠨ ᠪᠠᠶᠢᠭᠤᠯᠭ᠎ᠠ ᠨᠢ | ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠳᠠᠬᠢ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭ᠎ᠠ | ᠰᠠᠯᠠᠭ᠎ᠠ ᠮᠥᠴᠢᠷ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠭᠡᠭᠰᠡᠨ ᠪᠠᠶᠢᠳᠠᠯ ᠳᠤ ᠬᠢᠨᠠᠯᠲᠠ ᠲᠠᠯᠪᠢᠨ ᠵᠢᠯᠣᠭᠤᠳᠬᠤ ᠪᠠᠨ ᠴᠢᠩᠭᠠᠳᠬᠠᠵᠤ᠂ ᠲᠥᠪ ᠠᠴᠠ ᠬᠠᠮᠢᠶᠠᠷᠴᠤ ᠪᠠᠶᠢᠭ᠎ᠠ | ᠠᠵᠤ ᠠᠬᠤᠶᠢᠯᠠᠯ᠂ ᠲᠥᠪ ᠤᠨ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠬᠠᠤᠯᠢ ᠲᠦᠷᠢᠮ ᠤᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠢ᠃ | ᠵᠢᠷᠭᠤᠳᠤᠭᠠᠷ ᠲᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ ᠪᠠᠶᠢᠬᠤ᠂ ᠡᠷᠳᠡᠮ ᠴᠢᠳᠠᠪᠤᠷᠢ ᠶᠢᠨ | ᠲᠠᠯ᠎ᠠ ᠪᠠᠷ ᠴᠠᠭᠠᠷᠠᠬᠰᠠᠨ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ ᠤ ᠦᠨᠡᠨᠴᠢ | ᠰᠢᠳᠤᠷᠭᠤ ᠬᠠᠮᠠᠭᠠᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠪᠠᠶᠢᠩᠭᠤ ᠶᠢᠨ ᠬᠤᠷᠢᠶᠠᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠭ᠎ᠠ ᠶᠢᠨ ᠨᠠᠮ ᠤᠨ ᠤᠯᠤᠰ | ᠲᠦᠷᠦ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ᠃ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠳᠦᠷᠢᠮ︾ ᠢ ᠭᠦᠨᠵᠡᠭᠡᠢ ᠲᠤᠭᠤᠰᠢᠯᠠᠭᠤᠯᠵᠤ᠂ | ᠪᠦᠬᠦ ᠠᠵᠢᠯᠲᠠᠨ ᠤ ᠪᠣᠯᠪᠠᠰᠤᠷᠠᠯ ᠢ ᠱᠠᠲᠤ ᠲᠥᠷᠥᠯ ᠬᠤᠪᠢᠶᠠᠨ ᠬᠡᠷᠡᠭᠵᠢᠭᠦᠯᠬᠦ ᠭᠡᠷᠡᠭᠳᠠᠢ᠃ ᠬᠢᠨᠠᠯᠲᠠ ᠲᠠᠯᠪᠢᠬᠤ ᠰᠠᠬᠢᠯᠭ᠎ᠠ | ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠡᠷᠬᠡ ᠶᠢᠨ ᠠᠵᠢᠯᠯᠠᠭᠠᠨ ᠤ ᠳᠣᠲᠣᠭᠠᠳᠤ ᠡᠵᠡᠮᠳᠡᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠬᠡᠷᠡᠭᠵᠢᠭᠦᠯᠬᠦ ᠳᠡᠭᠡᠨ ᠰᠠᠬᠢᠯᠭ᠎ᠠ ᠪᠠᠲᠤ ᠠᠴᠠ ᠵᠥᠷᠢᠴᠡᠬᠦ᠂ ᠬᠠᠤᠯᠢ | ᠬᠡᠷᠡᠭᠵᠢᠭᠦᠯᠬᠦ ᠳᠡᠭᠡᠨ ᠬᠠᠤᠯᠢ ᠠᠴᠠ ᠵᠥᠷᠢᠴᠡᠬᠦ᠂ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠬᠤ | ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ︽ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ︾ ᠪᠠᠶᠢᠬᠤ | ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠤᠬᠠᠮᠰᠠᠷ ᠠᠴᠠ ᠪᠠᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠬᠡᠪ | ᠳᠠᠭᠤᠷᠢᠶᠠᠯ ᠪᠣᠯᠬᠤ ᠬᠡᠷᠡᠭᠲᠡᠢ᠃ | ᠪᠦᠬᠦᠳᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠪᠣᠯᠤᠨ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠭᠦᠷᠭᠡ ᠲᠤᠰᠢᠶᠠᠯ ᠢᠶᠠᠨ ᠦᠨᠡᠨᠴᠢ ᠪᠠᠷ | ᠭᠦᠢᠴᠡᠳᠭᠡᠵᠦ᠂ ᠪᠦᠯᠬᠦᠮᠳᠡᠨ ᠲᠡᠮᠡᠴᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ | ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠢᠯᠵᠠᠷᠡᠯ ᠢ | ᠡᠰᠡᠷᠭᠦᠴᠡᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠰᠤᠭᠠᠢ ᠭᠡᠵᠦ ᠤᠷᠢᠶᠠᠯᠠᠪᠠ︕ |