ᠬᠤᠩᠱᠠᠨ ᠲᠣᠭᠤᠷᠢᠭ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠡᠭᠴᠡᠯᠡᠨ ︽ᠬᠤᠶᠠᠷ ᠢ ᠬᠠᠰᠤᠬᠤ︾ ᠶᠢ ᠨᠠᠶᠢᠳᠠᠪᠤᠷᠢᠵᠢᠭᠤᠯᠤᠨ ᠠᠬᠢᠭᠤᠯᠪᠠ
ᠨᠡᠶᠢᠲᠡᠯᠡᠭᠰᠡᠨ ᠴᠠᠭ᠄
2022/1/24
        ᠬᠤᠩᠱᠠᠨ ᠲᠣᠭᠤᠷᠢᠭ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠡᠭᠴᠡᠯᠡᠨ ︽ᠬᠤᠶᠠᠷ ᠢ ᠬᠠᠰᠤᠬᠤ︾ ᠶᠢ ᠨᠠᠶᠢᠳᠠᠪᠤᠷᠢᠵᠢᠭᠤᠯᠤᠨ ᠠᠬᠢᠭᠤᠯᠪᠠ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠡᠭᠴᠡᠯᠡᠬᠦ ᠪᠠᠷ ᠳᠠᠮᠵᠢᠨ᠂ ᠰᠤᠷᠭᠠᠭᠤᠯᠢ ᠶᠢᠨ ᠭᠠᠳᠠᠨᠠᠬᠢ ᠪᠠᠶᠢᠭᠤᠯᠤᠮᠵᠢ  ᠶᠢᠨ ᠪᠣᠯᠪᠠᠰᠤᠷᠠᠭᠤᠯᠤᠯ ᠡᠷᠬᠢᠯᠡᠬᠦ ᠠᠵᠢᠯᠯᠠᠭ᠎ᠠ ᠶᠢ ᠳᠦᠷᠢᠮᠵᠢᠭᠦᠯᠦᠨ᠂ ᠰᠠᠶᠢᠨ ᠰᠠᠶᠢᠬᠠᠨ ᠬᠦᠮᠦᠵᠢᠯ ᠤᠨ ᠣᠷᠴᠢᠨ ᠢ ᠪᠤᠢ ᠪᠣᠯᠭᠠᠪᠠ᠃        ᠨᠢᠭᠡ᠂ ᠰᠢᠨᠵᠢᠯᠡᠭᠡᠨ ᠤ ᠲᠦᠷᠦᠯ ᠤᠨ ᠰᠤᠷᠭᠠᠭᠤᠯᠢ ᠶᠢᠨ ᠭᠠᠳᠠᠨᠠᠬᠢ ᠪᠠᠶᠢᠭᠤᠯᠤᠮᠵᠢ ᠤᠯᠤᠰ ᠤᠨ ᠲᠤᠭᠲᠠᠭᠠᠭᠰᠠᠨ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠵᠢᠴᠢ ᠡᠪᠦᠯ ᠵᠣᠨ ᠤ ᠠᠮᠠᠷᠠᠯᠲᠠ ᠳᠤ ᠰᠢᠨᠵᠢᠯᠡᠭᠡᠨ ᠤ ᠲᠦᠷᠦᠯ ᠤᠨ ᠪᠣᠯᠪᠠᠰᠤᠷᠠᠭᠤᠯᠤᠯ ᠡᠷᠬᠢᠯᠡᠵᠦ ᠪᠣᠯᠬᠤ ᠦᠭᠡᠢ ᠭᠡᠵᠦ ᠲᠤᠭᠲᠠᠭᠠᠪᠠ᠃ ᠰᠦᠯᠵᠢᠶᠡᠨ ᠤ ᠪᠤᠰᠤ ᠪᠣᠯᠪᠠᠰᠤᠷᠠᠭᠤᠯᠤᠯ ᠤᠨ ᠳᠠᠭᠤᠰᠬᠤ ᠴᠠᠭ ᠢ ᠤᠷᠤᠢ ᠶᠢᠨ 8᠄ 30 ᠠᠴᠠ ᠤᠷᠤᠢ ᠪᠠᠶᠢᠯᠭᠠᠵᠤ ᠪᠣᠯᠬᠤ ᠦᠭᠡᠢ᠂ ᠰᠦᠯᠵᠢᠶᠡᠨ ᠤ ᠪᠣᠯᠪᠠᠰᠤᠷᠠᠭᠤᠯᠤᠯ ᠤᠨ ᠳᠠᠭᠤᠰᠬᠤ ᠴᠠᠭ ᠢ 21᠄ 00 ᠠᠴᠠ ᠤᠷᠤᠢ ᠪᠠᠶᠢᠯᠭᠠᠵᠤ ᠪᠣᠯᠬᠤ ᠦᠭᠡᠢ᠂ ᠬᠢᠴᠢᠶᠡᠯ ᠤᠨ ᠳᠠᠷᠠᠭ᠎ᠠ ᠳᠠᠰᠬᠠᠯ ᠦᠯᠡᠳᠡᠭᠡᠵᠦ ᠪᠣᠯᠬᠤ ᠦᠭᠡᠢ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ  ᠤᠨ ᠪᠠᠶᠢᠭᠤᠯᠤᠮᠵᠢ ᠤᠷᠢᠳᠴᠢᠯᠠᠭᠰᠠᠨ᠂ ᠫᠷᠦᠭᠷᠡᠮ ᠠᠴᠠ ᠬᠡᠲᠦᠷᠡᠭᠰᠡᠨ᠂ ᠪᠠᠷᠢᠮᠵᠢᠶ᠎ᠠ ᠠᠴᠠ ᠬᠡᠲᠦᠷᠡᠭᠰᠡᠨ᠂ ᠬᠦᠷᠢᠶ᠎ᠡ ᠬᠡᠪᠴᠢᠶᠡᠨ ᠠᠴᠠ ᠬᠡᠲᠦᠷᠡᠭᠰᠡᠨ ᠪᠣᠯᠪᠠᠰᠤᠷᠠᠭᠤᠯᠤᠯ ᠡᠷᠬᠢᠯᠡᠬᠦ ᠶᠢ ᠡᠷᠡᠰ ᠴᠠᠭᠠᠵᠠᠯᠠᠨ᠎ᠠ᠃        ᠬᠤᠶᠠᠷ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠲᠤᠨ ᠤ ᠰᠤᠷᠤᠭᠴᠢ ᠶᠢᠨ ᠰᠢᠨᠵᠢᠯᠡᠭᠡᠨ ᠤ ᠲᠦᠷᠦᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠠᠬᠢᠵᠤ ᠰᠢᠨ᠎ᠡ ᠪᠠᠷ ᠬᠢᠨᠠᠨ ᠵᠦᠪᠰᠢᠶᠡᠷᠡᠯ ᠣᠯᠭᠤᠬᠤ ᠦᠭᠡᠢ᠂ ᠤᠳᠤ ᠪᠠᠶᠢᠭ᠎ᠠ ᠰᠢᠨᠵᠢᠯᠡᠭᠡᠨ ᠤ ᠲᠦᠷᠦᠯ ᠤᠨ ᠰᠤᠷᠭᠠᠭᠤᠯᠢ ᠶᠢᠨ ᠭᠠᠳᠠᠨᠠᠬᠢ ᠪᠠᠶᠢᠭᠤᠯᠤᠮᠵᠢ ᠶᠢ ᠠᠰᠢᠭ ᠬᠤᠨᠵᠢᠪᠦᠷᠢ ᠶᠢᠨ ᠪᠤᠰᠤ ᠪᠠᠶᠢᠭᠤᠯᠤᠮᠵᠢ ᠪᠠᠷ ᠨᠢᠭᠡᠲᠦᠯᠲᠡᠢ ᠳᠠᠩᠰᠠᠯᠠᠨ᠎ᠠ᠃        ᠭᠤᠷᠪᠠ᠂ ᠬᠤᠩᠱᠠᠨ ᠲᠣᠭᠤᠷᠢᠭ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠭᠤᠯᠤᠯ ᠤᠨ ᠪᠠᠶᠢᠭᠤᠯᠤᠮᠵᠢ  ᠶᠢᠨ ᠲᠤᠰᠬᠠᠢ ᠴᠡᠭᠴᠡᠯᠡᠯᠲᠡ ᠶᠢᠨ ᠲᠦᠰᠦᠯ ᠢ ᠲᠤᠭᠲᠠᠭᠠᠨ᠂ ᠦᠨᠡᠮᠯᠡᠯ ᠦᠭᠡᠢ ᠭᠡᠷᠡᠴᠢ ᠦᠭᠡᠢ ᠡᠵᠡᠩᠨᠡᠬᠦ ᠶᠢ ᠲᠦᠪᠯᠡᠷᠡᠭᠦᠯᠦᠨ ᠴᠡᠭᠴᠡᠯᠡᠬᠦ ᠲᠦᠰᠦᠯ ᠢ ᠪᠠᠭᠲᠠᠭᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠤᠰᠬᠠᠢ ᠴᠡᠭᠴᠡᠯᠡᠯᠲᠡ ᠶᠢᠨ ᠮᠡᠳᠡᠭᠳᠡᠯ ᠲᠠᠷᠬᠠᠭᠠᠵᠤ᠂ ᠰᠢᠨᠵᠢᠯᠡᠭᠡᠨ ᠤ ᠲᠦᠷᠦᠯ ᠤᠨ ᠰᠤᠷᠭᠠᠭᠤᠯᠢ ᠶᠢᠨ ᠭᠠᠳᠠᠨᠠᠬᠢ ᠪᠠᠶᠢᠭᠤᠯᠤᠮᠵᠢ ᠳᠤ ᠪᠦᠷ ᠪᠦᠬᠦ ᠲᠠᠯ᠎ᠠ ᠶᠢᠨ ᠣᠨ ᠤ ᠬᠢᠨᠠᠯᠲᠠ ᠬᠢᠪᠡ᠃ 8 ᠰᠠᠷ᠎ᠠ ᠶᠢᠨ ᠰᠡᠭᠦᠯᠴᠢ ᠳᠤ ᠨᠢᠭᠡᠳᠦᠭᠡᠷ ᠪᠦᠯᠦᠭ ᠰᠢᠨᠵᠢᠯᠡᠭᠡᠨ ᠤ ᠲᠦᠷᠦᠯ ᠤᠨ 85 ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠣᠨ ᠤ ᠬᠢᠨᠠᠯᠲᠠ ᠶᠢᠨ ᠠᠵᠢᠯ ᠢ ᠳᠠᠭᠤᠰᠬᠠᠪᠠ᠃12 ᠰᠠᠷ᠎ᠠ ᠶᠢᠨ ᠰᠡᠭᠦᠯᠴᠢ ᠪᠣᠯᠲᠠᠯ᠎ᠠ ᠬᠠᠮᠢᠶ᠎ᠠ ᠪᠦᠬᠦᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ︽ᠠᠰᠢᠭ ᠬᠤᠨᠵᠢᠪᠦᠷᠢ ᠶᠢᠨ ᠴᠢᠨᠠᠷᠲᠠᠢ ᠠᠴᠠ ᠠᠰᠢᠭ ᠬᠤᠨᠵᠢᠪᠦᠷᠢ ᠶᠢᠨ ᠪᠤᠰᠤ ᠪᠣᠯᠭᠠᠬᠤ︾ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠵᠢᠴᠢ ᠬᠠᠤᠯᠢ ᠶᠢᠨ ᠡᠷᠬᠡᠲᠡᠨ ᠢ ᠳᠠᠩᠰᠠᠯᠠᠬᠤ ᠠᠵᠢᠯ ᠢ ᠪᠡᠶᠡᠯᠡᠭᠦᠯᠵᠦ᠂ ︽ᠬᠤᠶᠠᠷ ᠢ ᠬᠠᠰᠤᠬᠤ︾ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠪᠠ᠃       ᠤᠳᠤᠬᠠᠨ ᠳᠤ ᠬᠤᠩᠱᠠᠨ ᠲᠣᠭᠤᠷᠢᠭ ᠤᠨ ᠰᠢᠨᠵᠢᠯᠡᠭᠡᠨ ᠤ ᠲᠦᠷᠦᠯ ᠤᠨ ᠰᠤᠷᠭᠠᠨ ᠬᠦᠮᠦᠵᠢᠯ ᠤᠨ ᠪᠠᠶᠢᠭᠤᠯᠤᠮᠵᠢ ᠦᠨᠳᠦᠰᠦᠨ ᠳᠡᠭᠡᠨ ᠬᠤᠶᠠᠷ ᠢ ᠬᠠᠰᠤᠬᠤ ᠲᠦᠷᠦ ᠶᠢᠨ ᠪᠤᠳᠤᠯᠭ᠎ᠠ ᠶᠤᠰᠤᠭᠠᠷ ᠬᠠᠤᠯᠢ ᠲᠤᠭᠲᠠᠭᠠᠯ  ᠤᠨ ᠳᠠᠭᠠᠤ ᠪᠣᠯᠪᠠᠰᠤᠷᠠᠭᠤᠯᠤᠯ ᠡᠷᠬᠢᠯᠡᠬᠦ ᠪᠣᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号