ᠬᠤᠩᠱᠠᠨ ᠲᠣᠭᠤᠷᠢᠭ ᠡᠨᠧᠷᠭᠢ ᠬᠤᠷᠤᠭᠳᠠᠯ ᠢ ᠬᠤᠤᠰ ᠡᠵᠡᠮᠳᠡᠬᠦ ᠶᠢ ᠴᠢᠩᠭᠠᠳᠬᠠᠨ᠂ ᠠᠷᠢᠭᠤᠨ ᠴᠡᠪᠡᠷ ᠳᠤᠤᠷ᠎ᠠ ᠨᠡᠭᠦᠷᠡᠰᠦᠲᠦ᠋ᠷᠦᠭᠴᠢᠲᠦ ᠠᠶᠦᠯᠭᠦᠢ ᠦᠨᠳᠦᠷ ᠠᠰᠢᠭᠲᠤ ᠡᠨᠧᠷᠭᠢ ᠶᠢᠨ ᠰᠢᠰᠲ᠋ᠧᠮ ᠢ ᠪᠠᠶᠢᠭᠤᠯᠪᠠ
ᠨᠡᠶᠢᠲᠡᠯᠡᠭᠰᠡᠨ ᠴᠠᠭ᠄
2022/10/25
       ᠡᠨᠡ ᠵᠢᠯ ᠠᠴᠠ ᠬᠤᠩᠱᠠᠨ ᠲᠤᠭᠤᠷᠢᠭ ᠬᠠᠷᠢᠶ᠎ᠠ ᠲᠤᠭᠤᠷᠢᠭ ᠤᠨ 10 ᠭᠤᠤᠯᠳᠠᠯᠭ᠎ᠠ ᠲᠠᠢ ᠡᠨᠧᠷᠭᠢ ᠠᠰᠢᠭᠯᠠᠬᠤ ᠨᠢᠭᠡᠴᠡ ᠳᠤ 2022 ᠤᠨ ᠤ ᠡᠨᠧᠷᠭᠢ ᠠᠰᠢᠭᠯᠠᠬᠤ ᠲᠥᠯᠦᠪᠯᠡᠭᠡ ᠲᠤᠭᠲᠠᠭᠠᠵᠤ᠂ ᠰᠦᠯᠵᠢᠶ᠎ᠡ ᠪᠠᠷ ᠬᠢᠨᠠᠬᠤ᠂ ᠲᠤᠭᠲᠠᠮᠠᠯ ᠬᠤᠭᠤᠴᠠᠭ᠎ᠠ ᠲᠠᠢ ᠲᠤᠰᠬᠠᠢ ᠲᠦᠷᠦᠯ ᠢᠶᠠᠷ ᠬᠢᠨᠠᠨ ᠪᠠᠶᠢᠴᠠᠭᠠᠬᠤ ᠬᠢᠨᠠᠨ ᠪᠤᠳᠤᠬᠤ ᠵᠡᠷᠭᠡ ᠠᠷᠭ᠎ᠠ ᠠᠪᠴᠠᠯ ᠢᠶᠠᠷ ᠡᠨᠧᠷᠭᠢ ᠶᠢᠨ ᠬᠡᠷᠡᠭᠯᠡᠭᠡ᠂ ᠨᠡᠭᠦᠷᠡᠰᠦᠲᠦ᠋ᠷᠦᠭᠴᠢ ᠶᠢᠨ ᠳᠠᠪᠬᠤᠷ ᠢᠰᠦᠯ ᠢ ᠢᠯᠭᠠᠷᠠᠭᠤᠯᠬᠤ ᠵᠡᠷᠭᠡ ᠵᠢᠭᠠᠯᠲᠠ ᠶᠢ ᠵᠤᠬᠢᠰᠲᠠᠢ ᠡᠵᠡᠮᠳᠡᠵᠦ᠂ ᠡᠭᠦᠨ ᠤ ᠬᠠᠮᠲᠤ ︽ᠬᠤᠩᠱᠠᠨ ᠲᠣᠭᠤᠷᠢᠭ ᠤᠨ 2022 ᠤᠨ ᠤ ᠡᠨᠧᠷᠭᠢ ᠠᠷᠪᠢᠯᠠᠬᠤ ᠨᠢᠭᠤᠭᠳᠠᠮᠠᠯ ᠬᠦᠴᠦᠨ ᠢ ᠢᠯᠡᠷᠡᠭᠦᠯᠬᠦ ᠠᠵᠢᠯ ᠢ ᠬᠡᠷᠡᠭᠵᠢᠭᠦᠯᠬᠦ ᠲᠦᠰᠦᠯ︾ ᠢ ᠲᠤᠭᠲᠠᠭᠠᠨ᠂ ᠡᠨᠧᠷᠭᠢ ᠠᠷᠪᠢᠯᠠᠬᠤ ᠨᠢᠭᠤᠭᠳᠠᠮᠠᠯ ᠬᠦᠴᠦᠨ ᠢ ᠢᠯᠡᠷᠡᠭᠦᠯᠬᠦ ᠭᠤᠤᠯᠳᠠᠯᠭ᠎ᠠ ᠲᠠᠢ ᠡᠨᠧᠷᠭᠢ ᠠᠰᠢᠭᠯᠠᠬᠤ 9 ᠨᠢᠭᠡᠴᠡ ᠶᠢ ᠲᠤᠭᠲᠠᠭᠠᠵᠤ᠂ ᠪᠦᠬᠦ ᠵᠢᠯ ᠳᠤ 8.29 ᠲᠦᠮᠡᠨ ᠲᠤᠨ ᠪᠠᠷᠢᠮᠵᠢᠶ᠎ᠠ ᠨᠡᠭᠦᠷᠡᠰᠦ ᠠᠷᠪᠢᠯᠠᠬᠤ ᠪᠠᠷ ᠲᠥᠯᠦᠪᠯᠡᠵᠦ᠂  ᠡᠨᠧᠷᠭᠢ ᠶᠢᠨ ᠠᠰᠢᠭᠯᠠᠮᠵᠢ ᠶᠢ ᠪᠦᠬᠦ ᠬᠦᠴᠦᠨ ᠢᠶᠠᠷ ᠳᠡᠭᠡᠭᠰᠢᠯᠡᠭᠦᠯᠦᠨ᠎ᠡ᠃ ᠤᠳᠤᠬᠠᠨ ᠪᠤᠯᠲᠠᠯ᠎ᠠ ᠡᠨᠧᠷᠭᠢ ᠠᠷᠪᠢᠯᠠᠬᠤ ᠬᠢᠨᠠᠯᠲᠠ ᠶᠢᠨ ᠲᠦᠷᠦᠯ ᠵᠦᠢᠯ 10 ᠪᠠᠶᠢᠵᠤ᠂  ᠰᠦᠯᠵᠢᠶᠡᠨ ᠲᠠᠪᠴᠠᠩ ᠢᠶᠠᠷ ᠬᠢᠨᠠᠨ ᠰᠢᠯᠭᠠᠵᠤ᠂ ᠲᠤᠭ᠎ᠠ ᠪᠠᠷᠢᠮᠲᠠ ᠤᠷᠤᠭᠤᠯᠤᠭᠰᠠᠨ 8 ᠠᠵᠤ ᠠᠬᠤᠶᠢᠯᠠᠯ ᠪᠤᠢ᠂  2021 ᠤᠨ ᠳᠤ ᠭᠤᠤᠯᠳᠠᠯᠭ᠎ᠠ ᠲᠠᠢ ᠡᠨᠧᠷᠭᠢ ᠠᠰᠢᠭᠯᠠᠭᠰᠠᠨ ᠨᠢᠭᠡᠴᠡ ᠶᠢᠨ ᠬᠢᠨᠠᠯᠲᠠ ᠶᠢᠨ ᠠᠵᠢᠯ ᠨᠢᠭᠡᠨᠲᠡ ᠳᠠᠭᠤᠰᠴᠤ᠂ ᠡᠨᠧᠷᠭᠢ ᠶᠢᠨ ᠠᠰᠢᠭᠯᠠᠯᠲᠠ ᠶᠢᠨ ᠣᠷᠤᠨ ᠵᠠᠢ ᠤᠯᠠᠮ ᠨᠢᠭᠡ ᠠᠯᠬᠤᠮ ᠦᠷᠭᠡᠳᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号