ᠬᠤᠩᠱᠠᠨ ᠲᠣᠭᠤᠷᠢᠭ ᠪᠡᠯᠡ ᠣᠷᠤᠭᠤᠯᠤᠯᠲᠠ ᠶᠢ ᠪᠦᠲᠦᠮᠵᠢᠲᠡᠢ ᠦᠷᠭᠡᠳᠬᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠲᠤᠰᠬᠠᠢ ᠲᠦᠷᠦᠯ ᠤᠨ ᠬᠢᠨᠠᠨ ᠪᠤᠳᠤᠯᠲᠠ ᠪᠠᠶᠢᠴᠠᠭᠠᠯᠲᠠ ᠶᠢᠨ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2022/10/28
        ᠬᠤᠩᠱᠠᠨ ᠲᠣᠭᠤᠷᠢᠭ ᠪᠡᠯᠡ ᠣᠷᠤᠭᠤᠯᠤᠯᠲᠠ ᠶᠢ ᠪᠦᠲᠦᠮᠵᠢᠲᠡᠢ ᠦᠷᠭᠡᠳᠬᠡᠬᠦ ᠲᠦᠷᠦ ᠶᠢᠨ ᠪᠤᠳᠤᠯᠭ᠎ᠠ  ᠶᠢ ᠨᠠᠶᠢᠳᠠᠪᠤᠷᠢᠵᠢᠭᠤᠯᠬᠤ ᠲᠤᠰᠬᠠᠢ ᠲᠦᠷᠦᠯ ᠤᠨ ᠬᠢᠨᠠᠨ ᠪᠤᠳᠤᠯᠲᠠ ᠪᠠᠶᠢᠴᠠᠭᠠᠯᠲᠠ ᠶᠢᠨ ᠠᠵᠢᠯ ᠢ ᠦᠷᠨᠢᠭᠦᠯᠪᠡ᠃ ᠰᠤᠷᠭᠠᠨ ᠬᠦᠮᠦᠵᠢᠯ ᠤᠨ ᠲᠤᠭᠤᠷᠢᠨ ᠳᠤ ᠤᠯᠠᠨ ᠨᠡᠶᠢᠲᠡ ᠶᠢᠨ ᠰᠠᠭᠤᠷᠢ ᠲᠦᠬᠦᠭᠡᠷᠦᠮᠵᠢ᠂ ᠠᠵᠤ ᠦᠢᠯᠡᠰ ᠤᠨ ᠠᠭᠤᠰᠤᠯᠴᠠᠯ᠂ ᠠᠷᠠᠯᠵᠢᠶᠠᠨ ᠤ ᠦᠢᠯᠡᠰ᠂ ᠠᠮᠢ ᠠᠬᠤᠢ ᠣᠷᠴᠢᠨ ᠲᠣᠭᠤᠷᠢᠨ᠂ ᠠᠵᠤ ᠦᠢᠯᠡᠰ ᠤᠨ ᠬᠦᠭᠵᠢᠯᠲᠡ ᠵᠡᠷᠭᠡ 6ᠲᠠᠯ᠎ᠠ ᠶᠢᠨ ᠲᠤᠭᠤᠷᠢᠨ ᠳᠤ 6 ᠬᠤᠩᠱᠠᠨ ᠲᠣᠭᠤᠷᠢᠭ ᠤᠨ ᠠᠵᠤ ᠦᠢᠯᠡᠰ ᠤᠨ ᠲᠥᠯᠦᠭᠡᠯᠡᠭᠴᠢ ᠴᠢᠨᠠᠷᠲᠠᠢ ᠴᠢᠬᠤᠯᠠ ᠶᠡᠭᠡ ᠲᠦᠷᠦᠯ ᠵᠦᠢᠯ ᠢ ᠰᠤᠩᠭᠤᠨ᠂ 6 ᠨᠢᠭᠡᠴᠡ ᠳᠤ ᠬᠢᠨᠠᠨ ᠪᠤᠳᠤᠯᠲᠠ ᠪᠠᠶᠢᠴᠠᠭᠠᠯᠲᠠ ᠬᠢᠵᠦ᠂ ᠤᠳᠤᠬᠠᠨ ᠪᠣᠯᠲᠠᠯ᠎ᠠ ᠬᠢᠨᠠᠨ ᠪᠤᠳᠤᠯᠲᠠ ᠪᠠᠶᠢᠴᠠᠭᠠᠯᠲᠠ ᠶᠢᠨ ᠠᠵᠢᠯ ᠨᠢᠭᠡᠨᠲᠡ ᠳᠠᠭᠤᠰᠴᠤ᠂ ᠨᠡᠶᠢᠲᠡ ᠢᠨᠵᠧᠨᠧᠷᠢᠩ  ᠤᠨ ᠪᠠᠶᠢᠭᠤᠯᠤᠯᠲᠠ ᠶᠢᠨ ᠠᠯᠬᠤᠮ ᠳᠠᠷᠠᠭ᠎ᠠ ᠪᠠ ᠪᠠᠶᠢᠭᠤᠯᠤᠯᠲᠠ ᠶᠢᠨ ᠠᠬᠢᠴᠠ ᠶᠢᠨ 2 ᠲᠠᠯ᠎ᠠ ᠶᠢᠨ ᠠᠰᠠᠭᠤᠳᠠᠯ ᠢ ᠬᠢᠨᠠᠨ ᠪᠤᠳᠤᠵᠤ ᠭᠠᠷᠭᠠᠪᠠ᠃ ᠵᠠᠯᠭᠠᠭᠠᠳ ᠬᠢᠨᠠᠨ ᠪᠤᠳᠤᠵᠤ ᠬᠢᠨᠠᠨ ᠢᠯᠡᠷᠡᠭᠦᠯᠦᠭᠰᠡᠨ ᠠᠰᠠᠭᠤᠳᠠᠯ ᠤᠨ ᠴᠡᠭᠴᠡᠯᠡᠨ ᠵᠠᠰᠠᠵᠤ ᠪᠠᠶᠢᠭ᠎ᠠ ᠪᠠᠶᠢᠳᠠᠯ ᠢ ᠦᠷᠭᠦᠯᠵᠢᠯᠡᠨ ᠬᠢᠨᠠᠵᠤ᠂ ᠠᠰᠠᠭᠤᠳᠠᠯ ᠢ ᠴᠡᠭᠴᠡᠯᠡᠨ ᠵᠠᠰᠠᠬᠤ ᠶᠢ ᠪᠠᠲᠤᠯᠠᠬᠤ ᠪᠤᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号