ᠬᠤᠩᠱᠠᠨ ᠲᠣᠭᠤᠷᠢᠭ ᠵᠦᠪᠰᠢᠶᠡᠷᠡᠯ ᠤᠯᠭᠤᠭᠰᠠᠨ ᠪᠤᠯᠪᠠᠴᠤ  ᠠᠰᠢᠭᠯᠠᠯᠲᠠ ᠳᠤ ᠤᠷᠤᠭᠤᠯᠤᠭ᠎ᠠ ᠦᠭᠡᠢ ᠪᠤᠶᠤ ᠰᠡᠯᠡᠭᠦᠦ ᠪᠠᠶᠢᠭ᠎ᠠ ᠭᠠᠵᠠᠷ ᠢ ᠠᠰᠢᠭᠯᠠᠯᠲᠠ ᠳᠤ ᠤᠷᠤᠭᠤᠯᠬᠤ ᠠᠵᠢᠯ ᠢ ᠤᠷᠤᠭᠰᠢᠲᠠᠢ ᠦᠷᠨᠢᠭᠦᠯᠪᠡ
ᠨᠡᠶᠢᠲᠡᠯᠡᠭᠰᠡᠨ ᠴᠠᠭ᠄
2022/10/31
       ᠲᠠᠪᠤ ᠶᠢ ᠤᠷᠤᠭᠰᠢᠲᠠᠢ ᠠᠬᠢᠭᠤᠯᠬᠤ ᠠᠵᠢᠯ ᠢ ᠦᠷᠨᠢᠭᠦᠯᠦᠭᠰᠡᠨ ᠠᠴᠠ ᠨᠠᠰᠢ ᠬᠤᠩᠱᠠᠨ ᠲᠣᠭᠤᠷᠢᠭ ᠳᠡᠭᠡᠷ᠎ᠡ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠠᠭ ᠲᠤᠬᠠᠢ ᠳᠤ ᠨᠢ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠲᠤᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠬᠤᠩᠱᠠᠨ ᠲᠣᠭᠤᠷᠢᠭ ᠤᠨ ᠵᠦᠪᠰᠢᠶᠡᠷᠡᠯ ᠣᠯᠭᠤᠭᠰᠠᠨ ᠪᠣᠯᠪᠠᠴᠤ ᠠᠰᠢᠭᠯᠠᠯᠲᠠ ᠳᠤ ᠤᠷᠤᠭᠤᠯᠤᠭ᠎ᠠ ᠦᠭᠡᠢ᠂ ᠰᠡᠯᠡᠭᠦᠦ ᠪᠠᠶᠢᠭ᠎ᠠ ᠭᠠᠵᠠᠷ ᠢ ᠠᠰᠢᠭᠯᠠᠯᠲᠠ ᠳᠤ ᠤᠷᠤᠭᠤᠯᠬᠤ ᠠᠵᠢᠯ ᠢ ᠨᠠᠶᠢᠳᠠᠪᠤᠷᠢᠵᠢᠭᠤᠯᠬᠤ ᠲᠦᠰᠦᠯ︾ ᠲᠠᠷᠬᠠᠭᠠᠵᠤ᠂ 10 ᠰᠠᠷ᠎ᠠ ᠶᠢᠨ ᠰᠡᠭᠦᠯᠴᠢ ᠠᠴᠠ ᠡᠮᠦᠨ᠎ᠡ ᠡᠭᠦᠷᠭᠡ ᠶᠢᠨ ᠢᠶᠠᠨ 80% ᠶᠢ ᠭᠦᠢᠴᠡᠳᠬᠡᠬᠦ ᠪᠠᠷ ᠲᠤᠭᠲᠠᠭᠠᠨ᠂  ᠵᠢᠯ ᠤᠨ ᠡᠴᠦᠰ ᠪᠤᠯᠲᠠᠯ᠎ᠠ ᠡᠭᠦᠷᠭᠡ ᠪᠠᠨ ᠪᠦᠬᠦᠨ ᠢ ᠪᠡᠶᠡᠯᠡᠭᠦᠯᠬᠦ ᠪᠣᠯᠤᠨ᠎ᠠ᠃ ᠡᠭᠦᠨ ᠤ ᠬᠠᠮᠲᠤ ᠬᠠᠤᠯᠢ ᠶᠤᠰᠤᠭᠠᠷ ᠰᠢᠢᠳᠪᠦᠷᠢᠯᠡᠬᠦ᠂ ᠪᠦᠬᠦ ᠲᠠᠯ᠎ᠠ ᠪᠠᠷ ᠴᠡᠭᠴᠡᠯᠡᠬᠦ᠂ ᠲᠦᠷᠦᠯ ᠬᠤᠪᠢᠶᠠᠨ ᠰᠢᠢᠳᠪᠦᠷᠢᠯᠡᠬᠦ ᠵᠠᠷᠴᠢᠮ ᠢ ᠪᠠᠷᠢᠮᠲᠠᠯᠠᠨ᠂ ᠵᠦᠪᠰᠢᠶᠡᠷᠡᠯ ᠤᠯᠭᠤᠭᠰᠠᠨ ᠪᠤᠯᠪᠠᠴᠤ ᠠᠰᠢᠭᠯᠠᠯᠲᠠ ᠳᠤ ᠤᠷᠤᠭᠤᠯᠤᠭ᠎ᠠ ᠦᠭᠡᠢ᠂ ᠰᠡᠯᠡᠭᠦᠦ ᠪᠠᠶᠢᠭ᠎ᠠ ᠭᠠᠵᠠᠷ ᠢ ᠨᠠᠷᠢᠨ ᠵᠠᠳᠠᠯᠵᠤ ᠨᠢᠮᠪᠠᠢ ᠰᠤᠳᠤᠯᠤᠨ᠂ ᠠᠰᠠᠭᠤᠳᠠᠯ ᠤᠨ ᠳᠠᠩᠰᠠ ᠡᠪᠬᠡᠮᠡᠯ ᠪᠠᠶᠢᠭᠤᠯᠵᠤ᠂ ᠰᠢᠢᠳᠪᠦᠷᠢᠯᠡᠬᠦ ᠲᠦᠰᠦᠯ ᠲᠤᠭᠲᠠᠭᠠᠵᠤ᠂ ᠪᠦᠷᠢᠮᠦᠰᠦᠨ ᠴᠡᠭᠴᠡᠯᠡᠬᠦ ᠬᠠᠮᠢᠶᠠᠷᠤᠯᠲᠠ ᠬᠡᠷᠡᠭᠵᠢᠭᠦᠯᠪᠡ᠃ ᠤᠳᠤᠬᠠᠨ ᠪᠤᠯᠲᠠᠯ᠎ᠠ 49 ᠡᠾᠧᠺᠲ᠋ᠠᠷ ᠵᠦᠪᠰᠢᠶᠡᠷᠡᠯ ᠤᠯᠭᠤᠭᠰᠠᠨ ᠪᠤᠯᠪᠠᠴᠤ ᠠᠰᠢᠭᠯᠠᠯᠲᠠ ᠳᠤ ᠤᠷᠤᠭᠤᠯᠤᠭ᠎ᠠ ᠦᠭᠡᠢ ᠭᠠᠵᠠᠷ ᠢ ᠰᠢᠢᠳᠪᠦᠷᠢᠯᠡᠵᠦ᠂ 121ᠡᠾᠧᠺᠲ᠋ᠠᠷ᠂ 28 ᠬᠡᠰᠡᠭ ᠭᠠᠵᠠᠷ ᠤᠨ ᠰᠢᠯᠵᠢᠭᠦᠯᠦᠨ ᠦᠭᠬᠦ ᠭᠠᠷ ᠭᠦᠢᠴᠡᠳᠬᠡᠯ ᠢ ᠶᠠᠭ ᠭᠦᠢᠴᠡᠳᠬᠡᠵᠦ ᠪᠤᠢ᠂ ᠲᠤᠲᠤᠭᠠᠳᠤ ᠶᠢᠨ ᠰᠦᠯᠵᠢᠶᠡᠨ ᠰᠢᠰᠲ᠋ᠧᠮ ᠳᠤ ᠢᠯᠡ ᠨᠡᠶᠢᠲᠡᠯᠡᠭᠰᠡᠨ ᠤ ᠳᠠᠷᠠᠭ᠎ᠠ ᠰᠢᠯᠵᠢᠭᠦᠯᠦᠨ ᠦᠭᠬᠦ ᠪᠣᠯᠤᠨ᠎ᠠ᠃ 30.8993 ᠡᠾᠧᠺᠲ᠋ᠠᠷ ᠰᠡᠯᠡᠭᠦᠦ ᠪᠠᠶᠢᠭ᠎ᠠ ᠭᠠᠵᠠᠷ ᠢ ᠨᠢᠭᠡᠨᠲᠡ ᠰᠢᠢᠳᠪᠦᠷᠢᠯᠡᠵᠦ᠂ ᠵᠢᠯ ᠤᠨ ᠡᠭᠦᠷᠭᠡ ᠪᠠᠨ ᠤᠷᠢᠳᠴᠢᠯᠠᠨ ᠳᠠᠪᠠᠭᠤᠯᠤᠨ ᠪᠡᠶᠡᠯᠡᠭᠦᠯᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号