ᠬᠤᠩᠱᠠᠨ ᠲᠤᠭᠤᠷᠢᠭ ᠵᠠᠰᠠᠭ ᠢ ᠴᠣᠮᠬᠠᠳᠬᠠᠨ ᠡᠷᠬᠡ ᠶᠢ ᠰᠤᠯᠠᠷᠠᠭᠤᠯᠬᠤ ᠶᠢ ᠲᠠᠰᠤᠷᠠᠯᠲᠠ ᠦᠭᠡᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2022/11/18
         ᠤᠶᠢᠷ᠎ᠠ ᠶᠢᠨ ᠵᠢᠯ ᠳᠤ ᠬᠤᠩᠱᠠᠨ ᠲᠣᠭᠤᠷᠢᠭ ᠵᠠᠰᠠᠭ ᠢ ᠴᠤᠮᠬᠠᠳᠬᠠᠨ ᠡᠷᠬᠡ ᠶᠢ ᠰᠤᠯᠠᠷᠠᠭᠤᠯᠬᠤ ᠶᠢ ᠲᠠᠰᠤᠷᠠᠯᠲᠠ ᠦᠭᠡᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠡᠯᠳᠡᠪ ᠵᠦᠢᠯ ᠤᠨ ᠡᠭᠦᠳᠡ ᠬᠠᠭᠠᠯᠭ᠎ᠠ ᠬᠠᠷᠰᠢ ᠰᠠᠭᠠᠳ ᠢ ᠡᠪᠳᠡᠵᠦ᠂ ᠵᠠᠬ᠎ᠠ ᠳᠡᠯᠭᠡᠭᠦᠷ ᠲᠤ ᠤᠷᠤᠬᠤ ᠵᠦᠪᠰᠢᠶᠡᠷᠡᠯ ᠤᠨ ᠳᠠᠩᠰᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠳᠡᠮᠵᠢᠵᠦ ᠨᠡᠩ ᠰᠠᠶᠢᠨ ᠢᠶᠠᠷ ᠵᠠᠬ᠎ᠠ ᠳᠡᠯᠭᠡᠭᠦᠷ ᠤᠨ ᠬᠠᠮᠵᠢᠯᠴᠠᠭ᠎ᠠ ᠪᠠ ᠦᠷᠢᠰᠦᠯᠳᠦᠭᠡᠨ ᠳᠤ ᠤᠷᠤᠯᠴᠠᠭᠤᠯᠪᠠ᠃ ᠤᠳᠤᠬᠠᠨ ᠳᠤ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ  ᠤ ᠲᠦᠪ ᠲᠤ ᠲᠤᠭᠤᠷᠢᠭ ᠤᠨ ᠲᠤᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 31 ᠰᠠᠯᠠᠭ᠎ᠠ ᠮᠦᠴᠢᠷ ᠤᠷᠤᠵᠤ ᠰᠠᠭᠤᠷᠢᠰᠢᠨ᠂ ᠤᠷᠤᠵᠤ ᠰᠠᠭᠤᠷᠢᠰᠢᠭᠰᠠᠨ ᠲᠤᠭᠤᠷᠢᠭ ᠤᠨ ᠲᠤᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠢᠳᠪᠦᠷᠢᠯᠡᠵᠦ ᠳᠡᠶᠢᠯᠬᠦ ᠤᠴᠢᠷ ᠶᠠᠪᠤᠳᠠᠯ 1371 ᠲᠦᠷᠦᠯ ᠪᠠᠶᠢᠵᠤ᠂ ᠡᠭᠦᠨ  ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠣᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠰᠤᠶᠤᠯ ᠲᠠᠮᠢᠷ ᠵᠢᠭᠤᠯᠴᠢᠯᠠᠯ᠂ ᠠᠮᠢ ᠠᠬᠤᠢ ᠶᠢᠨ ᠤᠷᠴᠢᠨ ᠲᠤᠭᠤᠷᠢᠨ ᠵᠡᠷᠭᠡ ᠣᠯᠠᠨ ᠰᠠᠯᠠᠭ᠎ᠠ ᠶᠢ ᠬᠠᠮᠤᠷᠤᠭᠰᠠᠨ 1290 ᠲᠦᠷᠦᠯ ᠤᠨ ᠠᠵᠢᠯ ᠶᠠᠪᠤᠳᠠᠯ ᠢ ᠰᠦᠯᠵᠢᠶᠡᠨ ᠳᠤ ᠪᠡᠶᠡᠯᠡᠭᠦᠯᠬᠦ ᠶᠢ ᠭᠦᠢᠴᠡᠳᠬᠡᠵᠦ᠂ ᠣᠷᠤᠨ ᠬᠡᠴᠡ ᠶᠢᠨ ︽ᠰᠦᠯᠵᠢᠶ᠎ᠡ ᠪᠠᠷ ᠰᠢᠢᠳᠪᠦᠷᠢᠯᠡᠬᠦ︾ ᠦᠢᠯᠡᠴᠢᠯᠡᠭᠡᠨ ᠤ ᠰᠤᠪᠠᠭ ᠢ ᠨᠡᠭᠡᠭᠡᠵᠦ ᠂ ᠤᠯᠠᠨ ᠲᠥᠮᠡᠨ ᠳᠤ ᠦᠨᠡᠨᠬᠦ ᠳᠦᠭᠦᠮ ᠦᠵᠡᠭᠦᠯᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号