ᠬᠤᠩᠱᠠᠨ ᠲᠣᠭᠤᠷᠢᠭ ᠡᠨᠧᠷᠭᠢ ᠬᠤᠷᠤᠭᠳᠠᠯ ᠢ ᠬᠤᠤᠰ ᠡᠵᠡᠮᠳᠡᠬᠦ ᠶᠢ ᠴᠢᠩᠭᠠᠳᠬᠠᠨ᠂ ᠠᠷᠢᠭᠤᠨ ᠴᠡᠪᠡᠷ ᠳᠤᠤᠷ᠎ᠠ ᠨᠡᠭᠦᠷᠡᠰᠦᠳᠦ᠋ᠷᠦᠭᠴᠢᠲᠦ ᠠᠶᠦᠯᠭᠦᠢ ᠦᠨᠳᠦᠷ ᠦᠷ᠎ᠡ ᠠᠰᠢᠭᠲᠦ ᠡᠨᠧᠷᠭᠢ ᠶᠢᠨ ᠰᠢᠰᠲ᠋ᠧᠮ ᠢ ᠪᠠᠶᠢᠭᠤᠯᠪᠠ
ᠨᠡᠶᠢᠲᠡᠯᠡᠭᠰᠡᠨ ᠴᠠᠭ᠄
2022/11/30
       ᠨᠡᠭᠦᠷᠡᠰᠦᠲᠦᠷᠦ᠋ᠷᠦᠭᠴᠢ ᠶᠢᠨ ᠢᠯᠭᠠᠷᠠᠭᠤᠯᠤᠯᠲᠠ ᠶᠢ ᠬᠢᠵᠠᠭᠠᠷᠯᠠᠬᠤ᠂ ᠨᠡᠭᠦᠷᠡᠰᠦᠲᠦ᠋ᠷᠦᠭᠴᠢ ᠶᠢ ᠰᠠᠭᠠᠷᠮᠠᠭᠵᠢᠭᠤᠯᠬᠤ ᠠᠵᠢᠯ ᠢ ᠤᠯᠠᠮ ᠨᠢᠭᠡ ᠠᠯᠬᠤᠮ ᠠᠬᠢᠭᠤᠯᠤᠨ᠂ ᠬᠤᠩᠱᠠᠨ ᠲᠣᠭᠤᠷᠢᠭ ︽ᠨᠡᠭᠦᠷᠡᠰᠦᠳᠦ᠋ᠷᠦᠭᠴᠢ  ᠶᠢᠨ ᠢᠯᠭᠠᠷᠠᠭᠤᠯᠤᠯᠲᠠ ᠶᠢ ᠬᠢᠵᠠᠭᠠᠷᠯᠠᠬᠤ ᠲᠦᠰᠦᠯ︾᠂ ︽︿ᠠᠷᠪᠠᠨ ᠳᠦᠷᠪᠡᠳᠦᠭᠡᠷ ᠲᠠᠪᠤᠨ ᠵᠢᠯ﹀ ᠤᠨ ᠡᠨᠧᠷᠭᠢ ᠠᠷᠪᠢᠯᠠᠵᠤ ᠨᠡᠭᠦᠷᠡᠰᠦᠲᠦ᠋ᠷᠦᠭᠴᠢ ᠶᠢ ᠪᠠᠭᠠᠰᠬᠠᠬᠤ ᠲᠦᠯᠦᠪᠵᠢᠭᠦᠯᠭᠡ︾᠂ ︽ᠬᠤᠩᠱᠠᠨ ᠲᠣᠭᠤᠷᠢᠭ ᠤᠨ 2022 ᠤᠨ ᠤ ᠡᠨᠧᠷᠭᠢ ᠠᠷᠪᠢᠯᠠᠵᠤ ᠨᠢᠭᠤᠭᠳᠠᠮᠠᠯ ᠬᠦᠴᠦᠨ ᠢ ᠠᠭᠤᠳᠠᠯᠬᠤ ᠠᠵᠢᠯ ᠢ ᠬᠡᠷᠡᠭᠵᠢᠭᠦᠯᠬᠦ ᠲᠥᠰᠦᠯ︾ ᠢ ᠨᠠᠶᠢᠷᠠᠭᠤᠯᠵᠤ᠂ ᠬᠠᠷᠢᠶ᠎ᠠ ᠤᠷᠤᠨ ᠤ 10 ᠭᠤᠤᠯᠳᠠᠯᠭ᠎ᠠ ᠲᠠᠢ ᠡᠨᠧᠷᠭᠢ ᠠᠰᠢᠭᠯᠠᠬᠤ ᠨᠢᠭᠡᠴᠡ ᠳᠤ ᠲᠤᠰᠪᠤᠷᠢ 2022 ᠤᠨ ᠤ ᠡᠨᠧᠷᠭᠢ ᠠᠰᠢᠭᠯᠠᠬᠤ ᠲᠥᠯᠦᠪᠯᠡᠭᠡ ᠲᠤᠭᠲᠠᠭᠠᠨ᠂ ᠡᠨᠧᠷᠭᠢ ᠠᠷᠪᠢᠯᠠᠵᠤ ᠨᠢᠭᠤᠭᠳᠠᠮᠠᠯ ᠬᠦᠴᠦᠨ ᠢ  ᠠᠭᠤᠳᠠᠯᠬᠤ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢ ᠲᠤᠭᠲᠠᠭᠠᠵᠤ᠂ ᠬᠢᠨᠠᠨ ᠬᠡᠮᠵᠢᠬᠦ᠂ ᠲᠤᠭᠲᠠᠮᠠᠯ ᠬᠤᠭᠤᠴᠠᠭ᠎ᠠ ᠲᠠᠢ ᠲᠤᠰᠬᠠᠢ ᠲᠦᠷᠦᠯ ᠢᠶᠠᠷ ᠬᠢᠨᠠᠨ ᠪᠠᠶᠢᠴᠠᠭᠠᠵᠤ ᠬᠢᠨᠠᠨ ᠪᠤᠳᠤᠬᠤ ᠵᠡᠷᠭᠡ ᠠᠷᠭ᠎ᠠ ᠪᠠᠷᠢᠯ ᠢᠶᠠᠷ ᠡᠨᠧᠷᠭᠢ ᠶᠢᠨ ᠬᠡᠷᠡᠭᠯᠡᠭᠡ᠂ ᠨᠡᠭᠦᠷᠡᠰᠦᠲᠦ᠋ᠲᠦᠭᠴᠢ ᠶᠢᠨ ᠳᠠᠪᠬᠤᠷ ᠢᠰᠦᠯ ᠢ ᠢᠯᠭᠠᠷᠠᠭᠤᠯᠬᠤ ᠵᠡᠷᠭᠡ ᠵᠢᠭᠠᠯᠲᠠ ᠲᠤᠭ᠎ᠠ  ᠶᠢ ᠵᠤᠬᠢᠰᠲᠠᠢ ᠡᠵᠡᠮᠳᠡᠵᠦ᠂  ᠡᠨᠧᠷᠭᠢ ᠠᠰᠢᠭᠯᠠᠬᠤ ᠠᠰᠢᠭᠯᠠᠮᠵᠢ ᠶᠢ ᠪᠦᠬᠦ ᠬᠦᠴᠦᠨ ᠢᠶᠠᠷ ᠳᠡᠭᠡᠭᠰᠢᠯᠡᠭᠦᠯᠪᠡ᠃ ᠤᠳᠤᠬᠠᠨ ᠪᠤᠯᠲᠠᠯ᠎ᠠ 9 ᠡᠨᠧᠷᠭᠢ ᠠᠷᠪᠢᠯᠠᠵᠤ ᠨᠢᠭᠤᠭᠳᠠᠮᠠᠯ ᠬᠦᠴᠦᠨ ᠢ ᠠᠭᠤᠳᠠᠯᠬᠤ ᠭᠤᠤᠯᠳᠠᠯᠭ᠎ᠠ ᠲᠠᠢ ᠡᠨᠧᠷᠭᠢ ᠠᠰᠢᠭᠯᠠᠬᠤ ᠨᠢᠭᠡᠴᠡ ᠶᠢ ᠲᠤᠭᠲᠠᠭᠠᠵᠤ᠂ ᠪᠦᠬᠦ ᠵᠢᠯ ᠳᠤ ᠤᠷᠢᠳᠴᠢᠯᠠᠨ ᠵᠢᠱᠢᠯᠲᠡ ᠪᠠᠷ 8.29 ᠲᠥᠮᠡᠨ ᠲᠤᠨ ᠪᠠᠷᠢᠮᠵᠢᠶ᠎ᠠ ᠨᠡᠭᠦᠷᠡᠰᠦ ᠶᠢᠨ ᠬᠡᠮ ᠪᠦᠬᠦᠢ ᠡᠨᠧᠷᠭᠢ ᠠᠷᠪᠢᠯᠠᠵᠤ᠂ ᠡᠨᠧᠷᠭᠢ ᠠᠰᠢᠭᠯᠠᠬᠤ ᠣᠷᠤᠨ ᠵᠠᠢ ᠤᠯᠠᠮ ᠨᠢᠭᠡ ᠠᠯᠬᠤᠮ ᠦᠷᠭᠡᠳᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号