ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ | ᠪᠠᠲᠤᠯᠠᠨ᠂ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠨᠡᠷ᠎ᠡ ᠪᠠᠷ ︽ᠬᠤᠩᠱᠠᠨ ᠲᠣᠭᠤᠷᠢᠭ | ᠤᠨ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ︾ ︵ | ᠳᠤᠷᠤᠭᠰᠢ ︽ᠨᠠᠷᠢᠨ ᠳᠠᠩᠰᠠ︾ ᠭᠡᠵᠦ ᠲᠣᠪᠴᠢᠯᠠᠨ᠎ᠠ︶᠂ ᠦᠷᠭᠡᠨ ᠤᠯᠠᠨ ᠲᠥᠮᠡᠨ ᠤ ︽ᠨᠠᠷᠢᠨ ᠳᠠᠩᠰᠠ︾ ᠶᠢᠨ | ᠬᠠᠮᠢᠶ᠎ᠠ ᠪᠦᠬᠦᠢ ᠠᠭᠤᠯᠭ᠎ᠠ ᠶᠢ ᠨᠡᠩ ᠭᠦᠨᠵᠡᠭᠡᠢ ᠵᠦᠪ ᠤᠶᠢᠯᠠᠭᠠᠬᠤ ᠶᠢᠨ ᠲᠤᠰᠠᠲᠠ ᠤᠳᠤ ᠲᠠᠶᠢᠯᠤᠮᠵᠢ ᠬᠢᠶ᠎ᠡ᠄ | ᠨᠢᠭᠡ᠂ ︽ᠨᠠᠷᠢᠨ ᠳᠠᠩᠰᠠ︾ ᠶᠢ ᠨᠡᠶᠢᠲᠡᠯᠡᠭᠰᠡᠨ ᠠᠬᠤᠢ ᠪᠠᠶᠢᠳᠠᠯ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠣᠯ ᠵᠠᠰᠠᠭ ᠤᠨ ᠣᠷᠳᠤᠨ ᠬᠠᠤᠯᠢ ᠶᠤᠰᠤᠭᠠᠷ ᠠᠵᠤ ᠠᠬᠤᠢ | ᠨᠡᠶᠢᠭᠡᠮ ᠤᠨ ᠤᠴᠢᠷ ᠶᠠᠪᠤᠳᠠᠯ ᠢ ᠬᠠᠮᠢᠶᠠᠷᠬᠤ ᠴᠢᠬᠤᠯᠠ ᠠᠷᠭ᠎ᠠ ᠪᠠᠷᠢᠯ ᠪᠣᠯᠤᠨ᠎ᠠ᠃ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ | ᠪᠣᠯ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠷᠠᠯᠵᠢᠶ᠎ᠠ ᠡᠵᠡᠩᠨᠡᠯᠲᠡ | ᠶᠢᠨ ᠣᠷᠴᠢᠨ ᠲᠤᠭᠤᠷᠢᠨ ᠢ ᠰᠢᠯᠢᠳᠡᠭᠵᠢᠭᠦᠯᠬᠦ ᠴᠢᠬᠤᠯᠠ ᠠᠷᠭ᠎ᠠ ᠠᠪᠴᠠᠯ ᠮᠦᠨ᠂ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ ᠤᠨ ᠡᠷᠬᠡ ᠮᠡᠳᠡᠯ ᠤᠨ ᠬᠢᠵᠠᠭᠠᠷ ᠢ ᠲᠤᠳᠤᠷᠬᠠᠶᠢᠯᠠᠬᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ | ᠠᠵᠢᠯᠯᠠᠭᠠᠨ ᠢ ᠳᠦᠷᠢᠮᠵᠢᠭᠦᠯᠬᠦ ᠳᠤ ᠠᠰᠢᠭᠲᠠᠢ᠂ ᠠᠵᠤ ᠠᠬᠤᠶᠢᠯᠠᠯ ᠪᠠ ᠣᠯᠠᠨ ᠲᠥᠮᠡᠨ ᠳᠤ ᠨᠡᠩ ᠲᠦᠪ ᠭᠤᠤᠯᠴᠢ | ᠦᠨᠳᠦᠷ ᠠᠰᠢᠭᠲᠤ ᠬᠢᠨᠠᠨ ᠵᠦᠪᠰᠢᠶᠡᠷᠡᠯ ᠤᠨ ᠣᠷᠴᠢᠨ ᠲᠤᠭᠤᠷᠢᠨ ᠢ ᠴᠤᠭᠴᠠᠯᠠᠨ ᠪᠠᠶᠢᠭᠤᠯᠵᠤ᠂ ᠵᠠᠰᠠᠭ ᠤᠨ | ᠣᠷᠳᠤᠨ ᠤ ᠴᠡᠭᠴᠡᠯᠡᠨ ᠵᠠᠰᠠᠬᠤ ᠰᠢᠰᠲ᠋ᠧᠮ ᠪᠠ ᠴᠡᠭᠴᠡᠯᠡᠨ ᠵᠠᠰᠠᠬᠤ ᠴᠢᠳᠠᠪᠤᠷᠢ ᠶᠢᠨ ᠤᠳᠤᠬᠢᠴᠢᠯᠠᠯᠲᠠ ᠶᠢ | ᠠᠬᠢᠭᠤᠯᠬᠤ ᠳᠤ ᠴᠢᠬᠤᠯᠠ ᠶᠡᠭᠡ ᠤᠳᠬ᠎ᠠ ᠠᠭᠤᠯᠭ᠎ᠠ ᠲᠠᠢ᠃ 2022 ᠤᠨ ᠤ 1 ᠰᠠᠷ᠎ᠠ ᠳᠤ ᠲᠦᠷᠦ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ | ᠤᠨ ᠨᠠᠷᠢᠨ ᠳᠠᠩᠰᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠮᠡᠳᠡᠭᠳᠡᠯ︾ ︵ᠲᠦᠷᠦ | ᠠᠯᠪᠠᠨ ᠲᠠᠷᠬᠠᠭᠠᠭᠰᠠᠨ ﹇2022﹈ 2 ᠨᠤᠮᠧᠷᠲᠤ︶ ᠢ ᠲᠠᠷᠬᠠᠭᠠᠵᠤ᠂ ︽ᠬᠠᠤᠯᠢ ᠴᠠᠭᠠᠵᠠ᠂ ᠵᠠᠰᠠᠭ ᠵᠠᠬᠢᠷᠭᠠᠨ | ᠤ ᠬᠠᠤᠯᠢ ᠳᠦᠷᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢ ᠳᠤ ᠲᠤᠬᠢᠷᠠᠭᠤᠯᠤᠭᠰᠠᠨ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ︾ ︵﹇2022﹈ ᠤᠨ ᠤ ᠬᠡᠪᠯᠡᠯ︶ | ︵ᠳᠤᠷᠤᠭᠰᠢ ᠲᠦᠪ ᠤᠨ ᠲᠤᠬᠢᠷᠠᠭᠤᠯᠤᠭᠰᠠᠨ ᠤᠴᠢᠷ ᠶᠠᠪᠤᠳᠠᠯ ᠭᠡᠵᠦ ᠲᠤᠪᠴᠢᠯᠠᠨ᠎ᠠ︶ ᠶᠢ ᠨᠡᠶᠢᠲᠡᠯᠡᠵᠦ᠂ | 2022 ᠤᠨ ᠶᠢᠨ ᠵᠢᠯ ᠤᠨ ᠰᠡᠭᠦᠯᠴᠢ ᠠᠴᠠ ᠡᠮᠦᠨ᠎ᠡ ᠮᠤᠵᠢ᠂ ᠬᠤᠲᠠ᠂ ᠰᠢᠶᠠᠨ ᠭᠤᠷᠪᠠᠨ ᠱᠠᠲᠤᠨ ᠤ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ ᠶᠢ ᠨᠠᠶᠢᠷᠠᠭᠤᠯᠤᠨ ᠨᠡᠶᠢᠲᠡᠯᠡᠪᠡ᠃ | 2022 ᠣᠨ ᠤ 4 ᠰᠠᠷ᠎ᠠ ᠶᠢᠨ 21 ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠵᠠᠰᠠᠭ | ᠤᠨ ᠣᠷᠳᠤᠨ ᠤ ᠴᠢᠳᠠᠮᠵᠢ ᠶᠢ ᠬᠤᠪᠢᠷᠠᠭᠠᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ︽ᠤᠷᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ | ᠶᠠᠪᠤᠳᠠᠯ ᠤᠨ ᠨᠠᠷᠢᠨ ᠳᠠᠩᠰᠠ ᠶᠢ ᠨᠠᠶᠢᠷᠠᠭᠤᠯᠬᠤ ᠠᠵᠢᠯ ᠢ ᠦᠷᠨᠢᠭᠦᠯᠬᠦ ᠲᠤᠬᠠᠢ ᠮᠡᠳᠡᠭᠳᠡᠯ︾ ︵ᠦᠪᠦᠷ ᠮᠤᠩᠭᠤᠯ | ᠴᠢᠳᠠᠮᠵᠢ ᠶᠢ ᠬᠤᠪᠢᠷᠠᠭᠠᠬᠤ ᠠᠯᠪᠠᠨ ᠲᠠᠷᠬᠠᠭᠠᠭᠰᠠᠨ ﹇2022﹈ 3 ᠨᠤᠮᠧᠷᠲᠤ︶ ᠢ ᠲᠠᠷᠬᠠᠭᠠᠵᠤ᠂ ᠡᠯ᠎ᠡ | ᠬᠤᠰᠢᠭᠤ ᠰᠢᠶᠠᠨ ᠲᠤᠭᠤᠷᠢᠭ ᠢ 12 ᠰᠠᠷ᠎ᠠ ᠶᠢᠨ 15 ᠤ ᠡᠳᠦᠷ ᠠᠴᠠ ᠡᠮᠦᠨ᠎ᠡ ᠲᠤᠰ ᠵᠠᠰᠠᠭ ᠵᠠᠬᠢᠷᠭᠠᠨ ᠤ ᠣᠷᠤᠨ | ᠬᠡᠪᠴᠢᠶᠡᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠨᠠᠷᠢᠨ ᠳᠠᠩᠰᠠ ᠶᠢ ᠨᠠᠶᠢᠷᠠᠭᠤᠯᠬᠤ ᠢᠯᠡ ᠨᠡᠶᠢᠲᠡᠯᠡᠬᠦ | ᠠᠵᠢᠯ ᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠶᠠᠷ᠂ ︽ᠨᠠᠷᠢᠨ ᠳᠠᠩᠰᠠ︾ ᠶᠢ ᠰᠢᠯᠤᠭᠤᠳᠬᠠᠬᠤ ᠶᠠᠪᠤᠴᠠ ᠨᠢ ᠶᠠᠮᠠᠷ ᠪᠤᠢ︖ | ᠤᠯᠤᠰ᠂ ᠦᠪᠡᠷᠲᠡᠭᠡᠨ ᠵᠠᠰᠠᠬᠤ ᠣᠷᠤᠨ᠂ ᠤᠯᠠᠭᠠᠨᠬᠠᠳᠠ ᠬᠤᠲᠠ ᠶᠢᠨ ᠶᠡᠷᠦᠩᠬᠡᠢ ᠱᠠᠭᠠᠷᠳᠠᠯᠭ᠎ᠠ | ᠶᠤᠰᠤᠭᠠᠷ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠲᠤᠯᠤᠭᠠᠶᠢᠯᠠᠨ᠂ 2022 | ᠤᠨ ᠤ 9 ᠰᠠᠷ᠎ᠠ ᠠᠴᠠ 12 ᠰᠠᠷ᠎ᠠ ᠪᠤᠯᠲᠠᠯ᠎ᠠ ᠲᠤᠭᠤᠷᠢᠭ ᠤᠨ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ ᠤᠨ ᠨᠠᠷᠢᠨ ᠳᠠᠩᠰᠠ ᠶᠢ ᠰᠢᠯᠤᠭᠤᠳᠬᠠᠨ ᠨᠠᠶᠢᠷᠠᠭᠤᠯᠬᠤ ᠠᠵᠢᠯ ᠢ ᠦᠷᠨᠢᠭᠦᠯᠪᠡ᠃ ᠡᠯ᠎ᠡ ᠰᠠᠯᠠᠭ᠎ᠠ | ᠮᠦᠴᠢᠷ ᠤᠨ ᠰᠢᠯᠤᠭᠤᠳᠬᠠᠬᠤ᠂ ᠪᠠᠲᠤᠯᠠᠬᠤ᠂ ᠮᠡᠳᠡᠭᠦᠯᠬᠦ ᠪᠠᠷ ᠳᠠᠮᠵᠢᠨ ᠲᠤᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠤᠪᠴᠢᠶ᠎ᠠ ᠰᠤᠳᠤᠯᠤᠨ ᠬᠢᠨᠠᠵᠤ᠂ ᠵᠠᠯᠠᠷᠠᠭᠤᠯᠵᠤ ᠲᠡᠭᠦᠯᠳᠡᠷᠵᠢᠭᠦᠯᠪᠡ᠃ ᠬᠤᠩᠱᠠᠨ ᠲᠤᠭᠤᠷᠢᠭ | ᠤᠨ ᠠᠷᠠᠳ ᠤᠨ ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠭᠰᠠᠨ ᠤ ᠳᠠᠷᠠᠭ᠎ᠠ | ︽ᠬᠤᠩᠱᠠᠨ ᠲᠤᠭᠤᠷᠢᠭ ᠤᠨ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ | ᠤᠨ ᠨᠠᠷᠢᠨ ᠳᠠᠩᠰᠠ ᠶᠢᠨ ᠮᠡᠳᠡᠭᠳᠡᠯ︾ ᠢ ᠲᠠᠷᠬᠠᠭᠠᠨ ᠬᠡᠷᠡᠭᠵᠢᠭᠦᠯᠪᠡ᠃ | ᠭᠤᠷᠪᠠ᠂ ︽ᠨᠠᠷᠢᠨ ᠳᠠᠩᠰᠠ︾ ᠭᠤᠤᠯᠳᠠᠭᠤ 2 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄ | ᠨᠢᠭᠡ ᠳᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠦᠷᠢᠮ᠂ ᠲᠦᠷᠦ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢ ᠳᠤ ᠲᠤᠭᠲᠠᠭᠠᠭᠰᠠᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ | ᠨᠠᠷᠢᠨ ᠳᠠᠩᠰᠠ᠃ ᠨᠡᠶᠢᠲᠡ 22 ᠰᠠᠯᠠᠭ᠎ᠠ ᠮᠦᠴᠢᠷ 179 ᠲᠦᠷᠦᠯ ᠢ ᠪᠠᠭᠲᠠᠭᠠᠨ᠂ ᠰᠢᠯᠤᠭᠤᠳᠬᠠᠬᠤ | ᠦᠨᠳᠦᠰᠦᠯᠡᠯ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠳᠦᠷᠢᠮ | ᠢ ᠦᠭᠡᠷᠡᠴᠢᠯᠡᠬᠦ ᠠᠯᠪᠠᠨ ᠭᠡᠷ ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠢ | ᠵᠤᠬᠢᠶᠠᠨ ᠪᠠᠶᠢᠭᠤᠯᠵᠤ᠂ ᠰᠢᠯᠤᠭᠤᠳᠬᠠᠨ ᠨᠠᠶᠢᠷᠠᠭᠤᠯᠤᠭᠰᠠᠨ ᠲᠦᠪ ᠤᠨ ᠲᠤᠬᠢᠷᠠᠭᠤᠯᠤᠭᠰᠠᠨ ᠤᠴᠢᠷ ᠶᠠᠪᠤᠳᠠᠯ ᠤᠨ | ᠨᠠᠷᠢᠨ ᠳᠠᠩᠰᠠ ᠪᠤᠯᠤᠨ᠎ᠠ᠃ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠲᠤᠭᠤᠷᠢᠭ | ᠤᠨ ᠲᠤᠰ ᠱᠠᠲᠤᠨ ᠤ ᠡᠯ᠎ᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ ᠮᠠᠨ ᠤ ᠲᠤᠭᠤᠷᠢᠭ ᠤᠨ ᠪᠤᠳᠠᠲᠠᠢ ᠲᠠᠢ | ᠤᠶᠠᠯᠳᠤᠭᠤᠯᠤᠨ ᠬᠡᠷᠡᠭᠵᠢᠭᠦᠯᠬᠦ ᠦᠨᠳᠦᠰᠦᠯᠡᠯ ᠵᠡᠷᠭᠡ ᠡᠯᠧᠮᠧᠨ᠋ᠲ ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ | ᠬᠤᠰᠢᠭᠤ ᠰᠢᠶᠠᠨ ᠲᠤᠭᠤᠷᠢᠭ ᠤᠨ ᠱᠠᠲᠤᠨ ᠤ ᠠᠵᠢᠯ ᠶᠠᠪᠤᠳᠠᠯ ᠤᠨ ᠭᠤᠣᠯ ᠪᠣᠯᠬᠤ ᠰᠠᠯᠠᠭ᠎ᠠ ᠮᠦᠴᠢᠷ ᠪᠠ | ᠲᠤᠭᠤᠷᠢᠭ ᠤᠨ ᠬᠡᠷᠡᠭᠵᠢᠭᠦᠯᠦᠭᠴᠢ ᠪᠠᠶᠢᠭᠤᠯᠭ᠎ᠠ ᠶᠢ ᠲᠤᠳᠤᠷᠬᠠᠢ ᠳᠤᠭᠲᠠᠭᠠᠪᠠ᠃ | ᠬᠤᠶᠠᠷ ᠲᠤ᠂ ᠤᠷᠤᠨ ᠨᠤᠲᠤᠭ ᠤᠨ ᠴᠢᠨᠠᠷᠲᠠᠢ ᠬᠠᠤᠯᠢ ᠳᠦᠷᠢᠮ᠂ ᠦᠪᠡᠷᠲᠡᠭᠡᠨ ᠵᠠᠰᠠᠬᠤ ᠣᠷᠤᠨ ᠤ | ᠠᠷᠠᠳ ᠤᠨ ᠵᠠᠰᠠᠭ ᠤᠨ ᠣᠷᠳᠤᠨ ᠤ ᠳᠦᠷᠢᠮ ᠲᠤᠭᠲᠠᠭᠠᠯ ᠳᠤ ᠲᠤᠬᠢᠷᠠᠭᠤᠯᠤᠭᠰᠠᠨ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ᠃ ᠨᠡᠶᠢᠲᠡ 4 ᠰᠠᠯᠠᠭ᠎ᠠ ᠮᠦᠴᠢᠷ 5 ᠲᠦᠷᠦᠯ ᠢ | ᠪᠠᠭᠲᠠᠭᠠᠨ᠂ ᠨᠠᠷᠢᠨ ᠳᠠᠩᠰᠠ ᠶᠢᠨ ᠠᠭᠤᠯᠭ᠎ᠠ ᠨᠢ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠤᠪᠴᠢᠶ᠎ᠠ ᠡᠯ᠎ᠡ ᠭᠠᠵᠠᠷ ᠣᠷᠤᠨ᠂ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ ᠭᠠᠵᠠᠷ ᠣᠷᠤᠨ ᠤ ᠴᠢᠨᠠᠷᠲᠠᠢ | ᠬᠠᠤᠯᠢ ᠳᠦᠷᠢᠮ᠂ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠳᠦᠷᠢᠮ ᠲᠤᠭᠲᠠᠭᠠᠯ ᠢ | ᠦᠨᠳᠦᠰᠦᠯᠡᠨ ᠰᠢᠯᠤᠭᠤᠳᠬᠠᠨ ᠨᠠᠶᠢᠷᠠᠭᠤᠯᠵᠤ᠂ ᠬᠤᠰᠢᠭᠤ ᠰᠢᠶᠠᠨ ᠲᠤᠭᠤᠷᠢᠭ ᠤᠨ ᠱᠠᠲᠤᠨ ᠤ ᠠᠵᠢᠯ ᠶᠠᠪᠤᠳᠠᠯ ᠤᠨ | ᠭᠤᠣᠯ ᠰᠠᠯᠠᠭ᠎ᠠ ᠮᠦᠴᠢᠷ ᠪᠠ ᠲᠤᠭᠤᠷᠢᠭ ᠤᠨ ᠬᠡᠷᠡᠭᠵᠢᠭᠦᠯᠦᠭᠴᠢ ᠪᠠᠶᠢᠭᠤᠯᠭ᠎ᠠ ᠶᠢ ᠲᠤᠳᠤᠷᠬᠠᠢ ᠲᠤᠭᠲᠠᠭᠠᠪᠠ᠃ | ᠬᠠᠮᠢᠶ᠎ᠠ ᠪᠦᠬᠦᠢ ᠪᠢᠴᠢᠭ ᠮᠠᠲ᠋ᠧᠷᠢᠶᠠᠯ᠄ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ | ᠤᠨ ᠵᠠᠰᠠᠭ ᠤᠨ ᠣᠷᠳᠤᠨ ᠤ ︽ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠲᠤᠰ ᠱᠠᠲᠤᠨ ᠤ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ︾ ᠶᠢ ᠲᠠᠷᠬᠠᠭᠠᠬᠤ ᠲᠤᠬᠠᠢ ᠮᠡᠳᠡᠭᠳᠡᠯ | |