︽ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠲᠤᠭᠤᠷᠢᠭ ᠤᠨ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ ᠶᠢᠨ ᠲᠤᠬᠠᠢ ᠮᠡᠳᠡᠭᠳᠡᠯ︾ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/12/14
       ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠨ᠂ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠨᠡᠷ᠎ᠡ ᠪᠠᠷ ︽ᠬᠤᠩᠱᠠᠨ ᠲᠣᠭᠤᠷᠢᠭ ᠤᠨ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ︾ ︵ᠳᠤᠷᠤᠭᠰᠢ ︽ᠨᠠᠷᠢᠨ ᠳᠠᠩᠰᠠ︾ ᠭᠡᠵᠦ ᠲᠣᠪᠴᠢᠯᠠᠨ᠎ᠠ︶᠂ ᠦᠷᠭᠡᠨ ᠤᠯᠠᠨ ᠲᠥᠮᠡᠨ ᠤ ︽ᠨᠠᠷᠢᠨ ᠳᠠᠩᠰᠠ︾ ᠶᠢᠨ ᠬᠠᠮᠢᠶ᠎ᠠ ᠪᠦᠬᠦᠢ ᠠᠭᠤᠯᠭ᠎ᠠ ᠶᠢ ᠨᠡᠩ ᠭᠦᠨᠵᠡᠭᠡᠢ ᠵᠦᠪ ᠤᠶᠢᠯᠠᠭᠠᠬᠤ ᠶᠢᠨ ᠲᠤᠰᠠᠲᠠ ᠤᠳᠤ ᠲᠠᠶᠢᠯᠤᠮᠵᠢ ᠬᠢᠶ᠎ᠡ᠄        ᠨᠢᠭᠡ᠂ ︽ᠨᠠᠷᠢᠨ ᠳᠠᠩᠰᠠ︾   ᠶᠢ ᠨᠡᠶᠢᠲᠡᠯᠡᠭᠰᠡᠨ ᠠᠬᠤᠢ ᠪᠠᠶᠢᠳᠠᠯ        ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠣᠯ ᠵᠠᠰᠠᠭ ᠤᠨ ᠣᠷᠳᠤᠨ ᠬᠠᠤᠯᠢ ᠶᠤᠰᠤᠭᠠᠷ ᠠᠵᠤ ᠠᠬᠤᠢ ᠨᠡᠶᠢᠭᠡᠮ ᠤᠨ ᠤᠴᠢᠷ ᠶᠠᠪᠤᠳᠠᠯ ᠢ ᠬᠠᠮᠢᠶᠠᠷᠬᠤ ᠴᠢᠬᠤᠯᠠ ᠠᠷᠭ᠎ᠠ ᠪᠠᠷᠢᠯ ᠪᠣᠯᠤᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠷᠠᠯᠵᠢᠶ᠎ᠠ ᠡᠵᠡᠩᠨᠡᠯᠲᠡ  ᠶᠢᠨ ᠣᠷᠴᠢᠨ ᠲᠤᠭᠤᠷᠢᠨ ᠢ ᠰᠢᠯᠢᠳᠡᠭᠵᠢᠭᠦᠯᠬᠦ ᠴᠢᠬᠤᠯᠠ ᠠᠷᠭ᠎ᠠ ᠠᠪᠴᠠᠯ ᠮᠦᠨ᠂  ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠡᠷᠬᠡ ᠮᠡᠳᠡᠯ ᠤᠨ ᠬᠢᠵᠠᠭᠠᠷ ᠢ ᠲᠤᠳᠤᠷᠬᠠᠶᠢᠯᠠᠬᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠠᠵᠢᠯᠯᠠᠭᠠᠨ ᠢ ᠳᠦᠷᠢᠮᠵᠢᠭᠦᠯᠬᠦ ᠳᠤ ᠠᠰᠢᠭᠲᠠᠢ᠂ ᠠᠵᠤ ᠠᠬᠤᠶᠢᠯᠠᠯ ᠪᠠ ᠣᠯᠠᠨ ᠲᠥᠮᠡᠨ ᠳᠤ ᠨᠡᠩ ᠲᠦᠪ ᠭᠤᠤᠯᠴᠢ ᠦᠨᠳᠦᠷ ᠠᠰᠢᠭᠲᠤ ᠬᠢᠨᠠᠨ ᠵᠦᠪᠰᠢᠶᠡᠷᠡᠯ ᠤᠨ ᠣᠷᠴᠢᠨ ᠲᠤᠭᠤᠷᠢᠨ ᠢ ᠴᠤᠭᠴᠠᠯᠠᠨ ᠪᠠᠶᠢᠭᠤᠯᠵᠤ᠂ ᠵᠠᠰᠠᠭ ᠤᠨ ᠣᠷᠳᠤᠨ ᠤ ᠴᠡᠭᠴᠡᠯᠡᠨ ᠵᠠᠰᠠᠬᠤ ᠰᠢᠰᠲ᠋ᠧᠮ ᠪᠠ ᠴᠡᠭᠴᠡᠯᠡᠨ ᠵᠠᠰᠠᠬᠤ ᠴᠢᠳᠠᠪᠤᠷᠢ ᠶᠢᠨ ᠤᠳᠤᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠤᠳᠬ᠎ᠠ ᠠᠭᠤᠯᠭ᠎ᠠ ᠲᠠᠢ᠃ 2022 ᠤᠨ ᠤ 1 ᠰᠠᠷ᠎ᠠ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ  ᠤᠨ ᠨᠠᠷᠢᠨ ᠳᠠᠩᠰᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠮᠡᠳᠡᠭᠳᠡᠯ︾  ︵ᠲᠦᠷᠦ ᠠᠯᠪᠠᠨ ᠲᠠᠷᠬᠠᠭᠠᠭᠰᠠᠨ ﹇2022﹈  2 ᠨᠤᠮᠧᠷᠲᠤ︶   ᠢ ᠲᠠᠷᠬᠠᠭᠠᠵᠤ᠂  ︽ᠬᠠᠤᠯᠢ ᠴᠠᠭᠠᠵᠠ᠂ ᠵᠠᠰᠠᠭ ᠵᠠᠬᠢᠷᠭᠠᠨ  ᠤ ᠬᠠᠤᠯᠢ ᠳᠦᠷᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢ ᠳᠤ ᠲᠤᠬᠢᠷᠠᠭᠤᠯᠤᠭᠰᠠᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ︾  ︵﹇2022﹈ ᠤᠨ ᠤ ᠬᠡᠪᠯᠡᠯ︶ ︵ᠳᠤᠷᠤᠭᠰᠢ ᠲᠦᠪ ᠤᠨ ᠲᠤᠬᠢᠷᠠᠭᠤᠯᠤᠭᠰᠠᠨ ᠤᠴᠢᠷ ᠶᠠᠪᠤᠳᠠᠯ ᠭᠡᠵᠦ ᠲᠤᠪᠴᠢᠯᠠᠨ᠎ᠠ︶ ᠶᠢ ᠨᠡᠶᠢᠲᠡᠯᠡᠵᠦ᠂ 2022 ᠤᠨ ᠶᠢᠨ ᠵᠢᠯ ᠤᠨ ᠰᠡᠭᠦᠯᠴᠢ ᠠᠴᠠ ᠡᠮᠦᠨ᠎ᠡ ᠮᠤᠵᠢ᠂ ᠬᠤᠲᠠ᠂ ᠰᠢᠶᠠᠨ ᠭᠤᠷᠪᠠᠨ ᠱᠠᠲᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ ᠶᠢ ᠨᠠᠶᠢᠷᠠᠭᠤᠯᠤᠨ ᠨᠡᠶᠢᠲᠡᠯᠡᠪᠡ᠃ 2022 ᠣᠨ ᠤ 4 ᠰᠠᠷ᠎ᠠ ᠶᠢᠨ 21 ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠵᠠᠰᠠᠭ  ᠤᠨ ᠣᠷᠳᠤᠨ ᠤ ᠴᠢᠳᠠᠮᠵᠢ ᠶᠢ ᠬᠤᠪᠢᠷᠠᠭᠠᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︽ᠤᠷᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ ᠶᠢ ᠨᠠᠶᠢᠷᠠᠭᠤᠯᠬᠤ ᠠᠵᠢᠯ ᠢ ᠦᠷᠨᠢᠭᠦᠯᠬᠦ ᠲᠤᠬᠠᠢ ᠮᠡᠳᠡᠭᠳᠡᠯ︾  ︵ᠦᠪᠦᠷ ᠮᠤᠩᠭᠤᠯ ᠴᠢᠳᠠᠮᠵᠢ ᠶᠢ ᠬᠤᠪᠢᠷᠠᠭᠠᠬᠤ ᠠᠯᠪᠠᠨ ᠲᠠᠷᠬᠠᠭᠠᠭᠰᠠᠨ ﹇2022﹈ 3 ᠨᠤᠮᠧᠷᠲᠤ︶ ᠢ ᠲᠠᠷᠬᠠᠭᠠᠵᠤ᠂  ᠡᠯ᠎ᠡ ᠬᠤᠰᠢᠭᠤ ᠰᠢᠶᠠᠨ ᠲᠤᠭᠤᠷᠢᠭ ᠢ 12 ᠰᠠᠷ᠎ᠠ ᠶᠢᠨ 15 ᠤ ᠡᠳᠦᠷ ᠠᠴᠠ ᠡᠮᠦᠨ᠎ᠡ ᠲᠤᠰ ᠵᠠᠰᠠᠭ ᠵᠠᠬᠢᠷᠭᠠᠨ ᠤ ᠣᠷᠤᠨ ᠬᠡᠪᠴᠢᠶᠡᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠨᠠᠷᠢᠨ ᠳᠠᠩᠰᠠ ᠶᠢ ᠨᠠᠶᠢᠷᠠᠭᠤᠯᠬᠤ ᠢᠯᠡ ᠨᠡᠶᠢᠲᠡᠯᠡᠬᠦ ᠠᠵᠢᠯ ᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃        ᠬᠤᠶᠠᠷ᠂  ︽ᠨᠠᠷᠢᠨ ᠳᠠᠩᠰᠠ︾ ᠶᠢ ᠰᠢᠯᠤᠭᠤᠳᠬᠠᠬᠤ ᠶᠠᠪᠤᠴᠠ ᠨᠢ ᠶᠠᠮᠠᠷ ᠪᠤᠢ︖        ᠤᠯᠤᠰ᠂ ᠦᠪᠡᠷᠲᠡᠭᠡᠨ ᠵᠠᠰᠠᠬᠤ ᠣᠷᠤᠨ᠂ ᠤᠯᠠᠭᠠᠨᠬᠠᠳᠠ ᠬᠤᠲᠠ ᠶᠢᠨ ᠶᠡᠷᠦᠩᠬᠡᠢ ᠱᠠᠭᠠᠷᠳᠠᠯᠭ᠎ᠠ ᠶᠤᠰᠤᠭᠠᠷ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠲᠤᠯᠤᠭᠠᠶᠢᠯᠠᠨ᠂ 2022 ᠤᠨ ᠤ 9 ᠰᠠᠷ᠎ᠠ ᠠᠴᠠ 12 ᠰᠠᠷ᠎ᠠ ᠪᠤᠯᠲᠠᠯ᠎ᠠ ᠲᠤᠭᠤᠷᠢᠭ ᠤᠨ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠨᠠᠷᠢᠨ ᠳᠠᠩᠰᠠ ᠶᠢ ᠰᠢᠯᠤᠭᠤᠳᠬᠠᠨ ᠨᠠᠶᠢᠷᠠᠭᠤᠯᠬᠤ ᠠᠵᠢᠯ ᠢ ᠦᠷᠨᠢᠭᠦᠯᠪᠡ᠃ ᠡᠯ᠎ᠡ ᠰᠠᠯᠠᠭ᠎ᠠ ᠮᠦᠴᠢᠷ ᠤᠨ ᠰᠢᠯᠤᠭᠤᠳᠬᠠᠬᠤ᠂ ᠪᠠᠲᠤᠯᠠᠬᠤ᠂ ᠮᠡᠳᠡᠭᠦᠯᠬᠦ ᠪᠠᠷ ᠳᠠᠮᠵᠢᠨ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠰᠤᠳᠤᠯᠤᠨ ᠬᠢᠨᠠᠵᠤ᠂ ᠵᠠᠯᠠᠷᠠᠭᠤᠯᠵᠤ ᠲᠡᠭᠦᠯᠳᠡᠷᠵᠢᠭᠦᠯᠪᠡ᠃ ᠬᠤᠩᠱᠠᠨ ᠲᠤᠭᠤᠷᠢᠭ  ᠤᠨ ᠠᠷᠠᠳ ᠤᠨ ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠭᠰᠠᠨ ᠤ ᠳᠠᠷᠠᠭ᠎ᠠ ︽ᠬᠤᠩᠱᠠᠨ ᠲᠤᠭᠤᠷᠢᠭ ᠤᠨ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ  ᠤᠨ ᠨᠠᠷᠢᠨ ᠳᠠᠩᠰᠠ ᠶᠢᠨ ᠮᠡᠳᠡᠭᠳᠡᠯ︾ ᠢ ᠲᠠᠷᠬᠠᠭᠠᠨ ᠬᠡᠷᠡᠭᠵᠢᠭᠦᠯᠪᠡ᠃        ᠭᠤᠷᠪᠠ᠂ ︽ᠨᠠᠷᠢᠨ ᠳᠠᠩᠰᠠ︾ ᠭᠤᠤᠯᠳᠠᠭᠤ 2 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄        ᠨᠢᠭᠡ ᠳᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠦᠷᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢ ᠳᠤ ᠲᠤᠭᠲᠠᠭᠠᠭᠰᠠᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ᠃ ᠨᠡᠶᠢᠲᠡ 22 ᠰᠠᠯᠠᠭ᠎ᠠ ᠮᠦᠴᠢᠷ 179 ᠲᠦᠷᠦᠯ ᠢ ᠪᠠᠭᠲᠠᠭᠠᠨ᠂ ᠰᠢᠯᠤᠭᠤᠳᠬᠠᠬᠤ ᠦᠨᠳᠦᠰᠦᠯᠡᠯ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠳᠦᠷᠢᠮ  ᠢ ᠦᠭᠡᠷᠡᠴᠢᠯᠡᠬᠦ ᠠᠯᠪᠠᠨ ᠭᠡᠷ ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ᠂ ᠰᠢᠯᠤᠭᠤᠳᠬᠠᠨ ᠨᠠᠶᠢᠷᠠᠭᠤᠯᠤᠭᠰᠠᠨ ᠲᠦᠪ ᠤᠨ ᠲᠤᠬᠢᠷᠠᠭᠤᠯᠤᠭᠰᠠᠨ ᠤᠴᠢᠷ ᠶᠠᠪᠤᠳᠠᠯ ᠤᠨ ᠨᠠᠷᠢᠨ ᠳᠠᠩᠰᠠ ᠪᠤᠯᠤᠨ᠎ᠠ᠃ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠲᠤᠭᠤᠷᠢᠭ  ᠤᠨ ᠲᠤᠰ ᠱᠠᠲᠤᠨ ᠤ ᠡᠯ᠎ᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ ᠮᠠᠨ ᠤ ᠲᠤᠭᠤᠷᠢᠭ ᠤᠨ ᠪᠤᠳᠠᠲᠠᠢ ᠲᠠᠢ ᠤᠶᠠᠯᠳᠤᠭᠤᠯᠤᠨ ᠬᠡᠷᠡᠭᠵᠢᠭᠦᠯᠬᠦ ᠦᠨᠳᠦᠰᠦᠯᠡᠯ ᠵᠡᠷᠭᠡ ᠡᠯᠧᠮᠧᠨ᠋ᠲ ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ ᠬᠤᠰᠢᠭᠤ ᠰᠢᠶᠠᠨ ᠲᠤᠭᠤᠷᠢᠭ ᠤᠨ ᠱᠠᠲᠤᠨ ᠤ ᠠᠵᠢᠯ ᠶᠠᠪᠤᠳᠠᠯ ᠤᠨ ᠭᠤᠣᠯ ᠪᠣᠯᠬᠤ ᠰᠠᠯᠠᠭ᠎ᠠ ᠮᠦᠴᠢᠷ ᠪᠠ ᠲᠤᠭᠤᠷᠢᠭ ᠤᠨ ᠬᠡᠷᠡᠭᠵᠢᠭᠦᠯᠦᠭᠴᠢ ᠪᠠᠶᠢᠭᠤᠯᠭ᠎ᠠ ᠶᠢ ᠲᠤᠳᠤᠷᠬᠠᠢ ᠳᠤᠭᠲᠠᠭᠠᠪᠠ᠃        ᠬᠤᠶᠠᠷ ᠲᠤ᠂ ᠤᠷᠤᠨ ᠨᠤᠲᠤᠭ ᠤᠨ ᠴᠢᠨᠠᠷᠲᠠᠢ ᠬᠠᠤᠯᠢ ᠳᠦᠷᠢᠮ᠂ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠳᠦᠷᠢᠮ ᠲᠤᠭᠲᠠᠭᠠᠯ ᠳᠤ ᠲᠤᠬᠢᠷᠠᠭᠤᠯᠤᠭᠰᠠᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ᠃ ᠨᠡᠶᠢᠲᠡ 4 ᠰᠠᠯᠠᠭ᠎ᠠ ᠮᠦᠴᠢᠷ 5 ᠲᠦᠷᠦᠯ ᠢ ᠪᠠᠭᠲᠠᠭᠠᠨ᠂ ᠨᠠᠷᠢᠨ ᠳᠠᠩᠰᠠ ᠶᠢᠨ ᠠᠭᠤᠯᠭ᠎ᠠ ᠨᠢ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠡᠯ᠎ᠡ ᠭᠠᠵᠠᠷ ᠣᠷᠤᠨ᠂ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ ᠭᠠᠵᠠᠷ ᠣᠷᠤᠨ ᠤ ᠴᠢᠨᠠᠷᠲᠠᠢ ᠬᠠᠤᠯᠢ ᠳᠦᠷᠢᠮ᠂ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠳᠦᠷᠢᠮ ᠲᠤᠭᠲᠠᠭᠠᠯ ᠢ ᠦᠨᠳᠦᠰᠦᠯᠡᠨ ᠰᠢᠯᠤᠭᠤᠳᠬᠠᠨ ᠨᠠᠶᠢᠷᠠᠭᠤᠯᠵᠤ᠂ ᠬᠤᠰᠢᠭᠤ ᠰᠢᠶᠠᠨ ᠲᠤᠭᠤᠷᠢᠭ ᠤᠨ ᠱᠠᠲᠤᠨ ᠤ ᠠᠵᠢᠯ ᠶᠠᠪᠤᠳᠠᠯ ᠤᠨ ᠭᠤᠣᠯ ᠰᠠᠯᠠᠭ᠎ᠠ ᠮᠦᠴᠢᠷ ᠪᠠ ᠲᠤᠭᠤᠷᠢᠭ ᠤᠨ ᠬᠡᠷᠡᠭᠵᠢᠭᠦᠯᠦᠭᠴᠢ ᠪᠠᠶᠢᠭᠤᠯᠭ᠎ᠠ ᠶᠢ ᠲᠤᠳᠤᠷᠬᠠᠢ ᠲᠤᠭᠲᠠᠭᠠᠪᠠ᠃        ᠬᠠᠮᠢᠶ᠎ᠠ ᠪᠦᠬᠦᠢ ᠪᠢᠴᠢᠭ ᠮᠠᠲ᠋ᠧᠷᠢᠶᠠᠯ᠄ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠠᠷᠠᠳ  ᠤᠨ ᠵᠠᠰᠠᠭ ᠤᠨ ᠣᠷᠳᠤᠨ ᠤ ︽ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠤᠴᠢᠷ ᠶᠠᠪᠤᠳᠠᠯ ᠤᠨ ᠨᠠᠷᠢᠨ ᠳᠠᠩᠰᠠ︾ ᠶᠢ ᠲᠠᠷᠬᠠᠭᠠᠬᠤ ᠲᠤᠬᠠᠢ ᠮᠡᠳᠡᠭᠳᠡᠯ
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号