ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠷᠪᠠ ᠶᠢᠰᠦᠳᠦᠭᠡᠷ ᠤᠳᠠᠭᠠᠨ ᠤ ᠵᠠᠰᠠᠭ  ᠤᠨ ᠣᠷᠳᠤᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/2
       11 ᠰᠠᠷ᠎ᠠ ᠶᠢᠨ 24 ᠤ ᠡᠳᠦᠷ ᠬᠤᠩᠱᠠᠨ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠵᠣᠣ ᠯᠠᠨ ᠭᠤᠸᠠᠩ ᠲᠤᠭᠤᠷᠢᠭ ᠤᠨ ᠵᠠᠰᠠᠭ ᠤᠨ ᠣᠷᠳᠤᠨ ᠤ 19 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠪᠠ 18 ᠳ᠋ᠤᠭᠠᠷ ᠤᠳᠠᠭᠠᠨ ᠤ ᠨᠠᠮ ᠤᠨ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠤᠭᠤᠷᠢᠭ ᠤᠨ ᠵᠠᠰᠠᠭ ᠤᠨ ᠣᠷᠳᠤᠨ ᠤ ᠨᠠᠮ ᠤᠨ ᠳᠤᠭᠤᠶᠢᠯᠠᠩ ᠤᠨ ᠭᠡᠰᠢᠭᠦᠨ ᠬᠤᠷᠠᠯ ᠳᠤ ᠣᠷᠤᠯᠴᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠤᠷᠤᠯᠴᠠᠪᠠ᠃        ᠲᠤᠭᠤᠷᠢᠭ ᠤᠨ ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ ᠳᠤ ︽ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠬᠤᠶᠠᠳᠤᠭᠠᠷ ᠡᠭᠡᠯᠵᠢᠨ ᠤ ᠲᠦᠪ ᠤᠨ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ  ᠶᠢᠨ ᠱᠠᠪᠳᠠᠨ ᠪᠠᠶᠢᠴᠠᠭᠠᠬᠤ ᠮᠡᠳᠡᠭᠦᠯᠦᠯᠲᠡ ᠳᠠᠬᠢ ᠴᠡᠭᠴᠡᠯᠡᠯᠲᠡ ᠶᠢᠨ ᠲᠥᠰᠦᠯ︾ ᠪᠠ ︽ᠬᠤᠩᠱᠠᠨ ᠲᠣᠭᠤᠷᠢᠭ ᠤᠨ ᠵᠡᠮᠳᠡᠭᠴᠦᠳ ᠤᠨ ᠠᠵᠢᠯ ᠦᠢᠯᠡᠰ ᠤᠨ ︿ᠠᠷᠪᠠᠨ ᠳᠦᠷᠪᠡᠳᠦᠭᠡᠷ ᠲᠠᠪᠤᠨ ᠵᠢᠯ﹀ ᠤᠨ ᠬᠦᠭᠵᠢᠭᠦᠯᠦᠯᠲᠡ ᠶᠢᠨ ᠲᠥᠯᠦᠪᠵᠢᠭᠦᠯᠭᠡ ᠶᠢᠨ ᠬᠦᠲᠦᠯᠪᠦᠷᠢ︾ ᠶᠢ ᠬᠢᠨᠠᠨ ᠪᠠᠲᠤᠯᠠᠪᠠ᠃ ᠲᠤᠭᠤᠷᠢᠭ ᠤᠨ ᠵᠠᠰᠠᠭ ᠤᠨ ᠣᠷᠳᠤᠨ ᠤ ᠨᠠᠮ ᠤᠨ ᠳᠤᠭᠤᠶᠢᠯᠠᠩ ᠤᠨ ᠬᠤᠷᠠᠯ ᠳᠤ ᠤᠯᠠᠭᠠᠨᠬᠠᠳᠠ ᠶᠢᠨ ᠳᠡᠭᠡᠳᠦ ᠰᠢᠨ᠎ᠡ ᠲᠤᠭᠤᠷᠢᠭ ᠤᠨ ᠬᠤᠩᠱᠠᠨ ᠠᠵᠤ ᠦᠢᠯᠡᠰ ᠤᠨ ᠬᠦᠷᠢᠶᠡᠯᠡᠩ ᠤᠨ ᠭᠤᠷᠪᠠᠨ ᠬᠡᠰᠡᠭ ᠰᠤᠯᠠ ᠭᠠᠵᠠᠷ ᠢ ᠬᠤᠷᠢᠶᠠᠨ ᠠᠪᠬᠤ᠂ ᠡᠯ᠎ᠡ ᠴᠤᠩᠬᠤᠪᠴᠢ ᠶᠢᠨ ᠨᠢᠭᠡᠴᠡ ᠶᠢᠨ ᠠᠵᠢᠯᠲᠠᠨ ᠵᠢᠴᠢ ᠴᠠᠯᠢᠩ ᠣᠯᠭᠤᠮᠵᠢ ᠶᠢᠨ ᠪᠠᠷᠢᠮᠵᠢᠶ᠎ᠠ ᠵᠡᠷᠭᠡ ᠵᠦᠢᠯᠡᠰ ᠢ ᠨᠢᠭᠡᠲᠦᠯᠲᠡᠢ ᠲᠥᠯᠦᠪᠵᠢᠭᠦᠯᠪᠡ᠃ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠤᠳᠠᠰ ᠢ ᠬᠤᠳᠠᠯᠳᠤᠨ ᠠᠪᠤᠭᠰᠠᠨ ᠠᠵᠢᠯ ᠤᠨ ᠮᠡᠳᠡᠭᠦᠯᠦᠯᠲᠡ ᠶᠢ ᠰᠤᠨᠤᠰᠪᠠ᠃        ᠬᠤᠷᠠᠯ ᠠᠴᠠ ᠴᠢᠬᠤᠯᠠᠴᠢᠯᠭᠰᠠᠨ ᠨᠢ ᠤᠯᠤᠰ ᠲᠦᠷᠦ ᠶᠢᠨ ᠵᠤᠭᠰᠤᠴᠠ ᠪᠠᠨ ᠦᠨᠳᠦᠷᠵᠢᠭᠦᠯᠦᠨ᠂ ᠲᠦᠪ  ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠪᠳᠠᠨ ᠪᠠᠶᠢᠴᠠᠭᠠᠯᠲᠠ ᠶᠢᠨ ᠴᠡᠭᠴᠡᠯᠡᠨ ᠵᠠᠰᠠᠯᠲᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠪᠡᠷ ᠦᠪᠡᠷ ᠤᠨ ᠴᠡᠭᠴᠡᠯᠡᠨ ᠵᠠᠰᠠᠬᠤ ᠡᠭᠦᠷᠭᠡ ᠪᠠᠨ ᠤᠬᠠᠮᠰᠠᠷ ᠠᠴᠠ ᠪᠠᠨ ᠢᠳᠡᠪᠬᠢᠲᠡᠢ ᠬᠦᠯᠢᠶᠡᠨ ᠠᠪᠴᠤ᠂ ᠴᠠᠭ ᠤᠨ ᠳᠠᠷᠠᠭᠠᠯᠠᠯ ᠢ ᠠᠳᠬᠤᠵᠤ᠂ ᠨᠠᠷᠢᠯᠢᠭ ᠣᠨᠤᠪᠴᠢᠲᠠᠢ ᠠᠷᠭ᠎ᠠ ᠠᠪᠴᠤ᠂ ᠲᠤᠭᠲᠠᠮᠠᠯ ᠬᠤᠭᠤᠴᠠᠭ᠎ᠠ ᠲᠠᠢ ᠲᠤᠬᠢᠷᠠᠭᠤᠯᠤᠨ᠂ ᠲᠤᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠴᠡᠭᠴᠡᠯᠡᠨ ᠵᠠᠰᠠᠯᠲᠠ ᠶᠢᠨ ᠠᠵᠢᠯ ᠢ ᠴᠢᠨᠠᠷ ᠰᠠᠶᠢᠲᠠᠢ ᠭᠦᠢᠴᠡᠳᠬᠡᠬᠦ ᠶᠢ ᠪᠠᠲᠤᠯᠠᠬᠤ ᠬᠡᠷᠡᠭᠲᠡᠢ᠃ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ︽ᠡᠷᠭᠢᠨ ᠬᠠᠷᠠᠵᠤ︾᠂ ᠦᠨᠡᠨᠬᠦ ᠴᠡᠭᠴᠡᠯᠡᠨ ᠵᠠᠰᠠᠵᠤ᠂  ᠲᠥᠢᠯᠪᠦᠷᠢᠲᠡᠢ ᠭᠦᠢᠴᠡᠳᠬᠡᠵᠦ᠂ ᠬᠢᠨᠠᠨ ᠰᠢᠯᠭᠠᠬᠤ ᠶᠢ ᠠᠮᠵᠢᠯᠲᠠ ᠲᠠᠢ ᠦᠩᠭᠡᠷᠡᠭᠡᠬᠦ ᠬᠡᠷᠡᠭᠲᠡᠢ᠃ ᠮᠠᠨ  ᠤ ᠲᠤᠭᠤᠷᠢᠭ ᠤᠨ ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠵᠡᠮᠳᠡᠭᠴᠦᠳ ᠤᠨ ᠠᠵᠢᠯ ᠦᠢᠯᠡᠰ ᠤᠨ ᠬᠦᠭᠵᠢᠭᠦᠯᠦᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠵᠤ᠂ ᠭᠤᠤᠯᠳᠠᠯᠭ᠎ᠠ ᠲᠠᠢ ᠡᠭᠦᠷᠭᠡ ᠪᠠ ᠠᠬᠢᠭᠤᠯᠬᠤ ᠠᠯᠬᠤᠮ ᠳᠠᠷᠠᠭ᠎ᠠ ᠶᠢ ᠰᠢᠰᠲ᠋ᠧᠮ ᠲᠠᠢ ᠰᠢᠯᠤᠭᠤᠳᠬᠠᠵᠤ᠂ ᠪᠦᠬᠦ ᠬᠦᠴᠦᠨ ᠢᠶᠠᠷ ᠰᠠᠶᠢᠲᠤᠷ ᠨᠠᠶᠢᠳᠠᠪᠤᠷᠢᠵᠢᠭᠤᠯᠤᠨ᠂ ᠲᠤᠭᠤᠷᠢᠭ ᠤᠨ ᠵᠡᠮᠳᠡᠭᠴᠦᠳ ᠤᠨ ᠠᠵᠢᠯ ᠦᠢᠯᠡᠰ ᠤᠨ ᠨᠡᠩ ᠴᠢᠨᠠᠷ ᠰᠠᠶᠢᠲᠠᠢ ᠬᠦᠭᠵᠢᠯᠲᠡ  ᠶᠢ ᠦᠨᠡᠨᠬᠦ ᠠᠬᠢᠭᠤᠯᠬᠤ ᠬᠡᠷᠡᠭᠲᠡᠢ᠃        ᠬᠤᠷᠠᠯ ᠠᠴᠠ ᠱᠠᠭᠠᠷᠳᠠᠭᠰᠠᠨ ᠨᠢ ᠨᠡᠭᠡᠭᠡᠯᠲᠡ ᠶᠢᠨ ᠲᠤᠭᠤᠷᠢᠭ ᠤᠨ ᠰᠤᠯᠠ ᠡᠬᠢ ᠪᠠᠶᠠᠯᠢᠭ ᠢ ᠢᠳᠡᠪᠬᠢᠵᠢᠭᠦᠯᠦᠨ ᠠᠰᠢᠭᠯᠠᠬᠤ ᠠᠵᠢᠯ ᠤᠨ ᠡᠭᠦᠷᠭᠡ ᠶᠢ ᠬᠤᠭᠤᠴᠠᠭ᠎ᠠ ᠶᠤᠰᠤᠭᠠᠷ ᠭᠦᠢᠴᠡᠳᠬᠡᠵᠦ᠂ ᠬᠦᠷᠢᠶᠡᠯᠡᠩ ᠲᠤᠭᠤᠷᠢᠭ ᠤᠨ ᠭᠠᠵᠠᠷ ᠰᠢᠷᠦᠢ ᠶᠢᠨ ᠡᠬᠢ ᠪᠠᠶᠠᠯᠢᠭ ᠢ ᠦᠨᠳᠦᠷ ᠠᠰᠢᠭᠯᠠᠮᠵᠢᠲᠠᠢ ᠠᠰᠢᠭᠯᠠᠬᠤ᠂ ᠡᠳ᠋ ᠬᠡᠷᠡᠭᠰᠡᠯ ᠢ ᠭᠦᠢᠴᠡᠳ ᠠᠰᠢᠭᠯᠠᠬᠤ ᠶᠢ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠠᠷᠭᠠᠴᠠᠭᠠᠬᠤ ᠶᠢ ᠰᠠᠶᠢᠲᠤᠷ ᠬᠢᠬᠦ ᠶᠢᠨ ᠬᠠᠮᠲᠤ ᠪᠦᠭᠡᠮ ᠬᠦᠴᠢᠯ ᠤᠨ ᠪᠠᠶᠢᠴᠠᠭᠠᠯᠲᠠ ᠶᠢᠨ ᠴᠡᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠨᠡᠶᠢᠭᠡᠮ  ᠳᠤ ᠢᠯᠡ ᠨᠡᠶᠢᠲᠡᠯᠡᠵᠦ᠂ ᠤᠯᠠᠨ ᠲᠥᠮᠡᠨ ᠤ ᠤᠶᠢᠷ᠎ᠠ ᠣᠷᠴᠢᠮ ᠳᠤ ᠪᠠᠨ ᠪᠠᠶᠢᠴᠠᠭᠠᠯᠲᠠ ᠬᠢᠯᠭᠡᠬᠦ ᠳᠤ ᠳᠦᠭᠦᠮ ᠦᠵᠡᠭᠦᠯᠵᠦ᠂ ᠪᠠᠶᠢᠩᠭᠤᠵᠢᠭᠰᠠᠨ ᠨᠠᠷᠢᠯᠢᠭ ᠰᠡᠷᠭᠡᠶᠢᠯᠡᠨ ᠡᠵᠡᠮᠳᠡᠬᠦ ᠳᠤ ᠰᠠᠭᠤᠷᠢ ᠲᠠᠯᠪᠢᠬᠤ ᠬᠡᠷᠡᠭᠲᠡᠢ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号