ᠬᠤᠩᠱᠠᠨ ᠲᠤᠭᠤᠷᠢᠭ ᠤᠨ ᠶᠡᠷᠦᠩᠬᠡᠶᠢᠯᠡᠭᠰᠡᠨ ᠴᠢᠨᠠᠷᠲᠠᠢ ᠲᠤᠭᠠᠴᠢᠯᠠᠭᠰᠠᠨ ᠠᠵᠤ ᠦᠢᠯᠡᠰ ᠤᠨ ᠠᠩᠬᠠᠨ  ᠤ ᠲᠦᠯᠦᠪ ᠤᠨ ᠬᠦᠷᠢᠶ᠎ᠡ ᠬᠡᠪᠴᠢᠶ᠎ᠡ
ᠨᠡᠶᠢᠲᠡᠯᠡᠭᠰᠡᠨ ᠴᠠᠭ᠄
2022/12/21
       ᠤᠳᠤᠬᠠᠨ ᠪᠤᠯᠲᠠᠯ᠎ᠠ ᠮᠧᠩ ᠳ᠋ᠦᠩ ᠡᠭᠦᠯᠡᠨ ᠪᠤᠳᠤᠯᠲᠠ ᠶᠢᠨ ᠠᠵᠤ ᠦᠢᠯᠡᠰ ᠤᠨ ᠬᠦᠷᠢᠶᠡᠯᠡᠩ ᠤᠨ ᠪᠠᠶᠢᠭᠤᠯᠤᠯᠲᠠ ᠶᠢᠨ ᠢᠨᠵᠧᠨᠧᠷᠢᠩ ᠨᠢᠭᠡᠨᠲᠡ ᠠᠮᠵᠢᠯᠲᠠᠲᠠᠢ ᠳᠠᠭᠤᠰᠴᠤ᠂ ᠠᠰᠢᠭᠯᠠᠯᠲᠠ ᠳᠤ ᠤᠷᠤᠪᠠ᠂ ᠶᠡᠷᠦᠩᠬᠡᠢ ᠲᠠᠯᠠᠪᠠᠢ 260 ᠮᠤ᠋᠂ ᠶᠡᠷᠦᠩᠬᠡᠢ ᠪᠡᠯᠡ ᠣᠷᠤᠭᠤᠯᠤᠯᠲᠠ 20 ᠳ᠋ᠦᠩᠰᠢᠭᠤᠷ ᠲᠦᠭᠦᠷᠢᠭ᠂ ᠰᠤᠳᠤᠯᠭᠠᠨ ᠤ ᠠᠰᠠᠷ᠂ ᠹᠦ᠋ ᠬᠤᠸᠠ ᠠᠰᠠᠷ᠂ ᠶᠡᠭᠡ ᠳ᠋ᠠᠶᠢᠲ᠋ᠠ ᠶᠢᠨ ᠲᠦᠪ ᠵᠡᠷᠭᠡ ᠰᠠᠭᠤᠷᠢ ᠲᠦᠬᠦᠭᠡᠷᠦᠮᠵᠢ 16 ᠲᠥᠮᠡᠨ ᠲᠡᠭᠰᠢ ᠳᠦᠷᠪᠡᠯᠵᠢᠨ ᠮᠧᠲᠷ᠂ ᠪᠡᠭᠡᠵᠢᠩ ᠤᠨ ᠬᠤᠲᠠ ᠶᠢᠨ ᠶᠠᠪᠤᠳᠠᠯ ᠤᠨ ᠪᠦᠯᠦᠭᠯᠡᠯ᠂ ᠵᠧᠵᠢᠶᠠᠩ ᠤᠨ ᠳ᠋ᠠ ᠬᠤᠸᠠ᠂ ᠯᠠᠩ ᠺᠦᠨ ᠤᠶᠤᠨᠴᠢ ᠦᠢᠯᠡᠰ ᠵᠡᠷᠭᠡ 190 ᠭᠠᠷᠤᠢ ᠠᠵᠤ ᠠᠬᠤᠶᠢᠯᠠᠯ ᠢ ᠲᠠᠲᠠᠨ ᠠᠪᠴᠢᠷᠠᠵᠤ᠂ ᠵᠢᠯ ᠤᠨ ᠠᠵᠤ ᠠᠬᠤᠶᠢᠯᠠᠯ ᠤᠨ ᠰᠤᠯᠢᠯᠴᠠᠭᠠᠨ ᠤ ᠲᠤᠭ᠎ᠠ 12 ᠳ᠋ᠦᠩᠰᠢᠭᠤᠷ ᠲᠦᠭᠦᠷᠢᠭ ᠢ ᠳᠠᠪᠠᠵᠤ᠂ ᠭᠠᠶᠢᠯᠢ ᠲᠠᠲᠠᠪᠤᠷᠢ 2500 ᠲᠥᠮᠡᠨ ᠲᠦᠭᠦᠷᠢᠭ᠂  ᠠᠵᠢᠯ ᠤᠯᠭᠤᠭᠰᠠᠳ 4000 ᠭᠠᠷᠤᠢ ᠬᠥᠮᠦᠨ᠂ ᠤᠷᠢᠳ ᠬᠤᠵᠢᠳ ᠤᠯᠤᠰ ᠤᠨ ᠳᠡᠰ  ᠤᠨ ᠦᠢᠯᠡᠰ ᠪᠣᠰᠬᠠᠬᠤ ᠨᠡᠪᠴᠢᠯᠡᠭᠦᠷ ᠤᠨ ᠵᠢᠱᠢᠶ᠎ᠡ ᠦᠵᠡᠭᠦᠯᠬᠦ ᠰᠠᠭᠤᠷᠢᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ᠂ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠯᠡᠭᠦᠷ ᠤᠨ ᠰᠠᠭᠤᠷᠢᠨ ᠵᠡᠷᠭᠡ 30 ᠭᠠᠷᠤᠢ ᠲᠦᠷᠦᠯ ᠤᠨ ᠦᠨᠡᠮᠯᠡᠯ ᠬᠦᠷᠲᠡᠪᠡ᠃ ᠡᠭᠦᠨ ᠤ ᠬᠠᠮᠲᠤ ᠤᠯᠠᠭᠠᠨᠬᠠᠳᠠ ᠶᠢᠨ ᠠᠨ ᠺᠤᠸᠠᠢ ᠺᠤᠮᠫᠠᠨᠢ ᠲᠠᠢ ᠬᠤᠯᠪᠤᠭᠠᠯᠠᠨ ᠲᠤᠭᠠᠴᠢᠯᠠᠭᠰᠠᠨ ᠪᠦᠲᠦᠭᠡᠯᠴᠢ ᠠᠵᠤ ᠦᠢᠯᠡᠰ ᠤᠨ ᠬᠡᠷᠡᠭᠯᠡᠭᠡᠨ ᠤ ᠦᠵᠡᠮᠵᠢ ᠪᠠᠶᠢᠳᠠᠯ ᠢ ᠴᠤᠭᠴᠠᠯᠠᠨ᠂ ᠰᠢᠶᠤᠤ ᠮᠢ᠂ ᠠ ᠯᠢ᠂ ᠲᠧᠩ ᠰᠢᠶᠦ᠋ᠨ ᠵᠡᠷᠭᠡ ᠤᠯᠤᠰ ᠤᠨ ᠲᠤᠲᠤᠭᠠᠳᠤ ᠶᠢᠨ ᠨᠡᠷᠡᠲᠦ ᠠᠵᠤ ᠠᠬᠤᠶᠢᠯᠠᠯ ᠲᠠᠢ ᠤᠷᠲᠤ ᠬᠤᠭᠤᠴᠠᠭ᠎ᠠ ᠪᠠᠷ ᠲᠤᠭᠲᠠᠩᠭᠤᠢ ᠬᠠᠮᠵᠢᠯᠴᠠᠭᠠᠨ ᠤ ᠬᠠᠷᠢᠯᠴᠠᠭ᠎ᠠ ᠪᠠᠶᠢᠭᠤᠯᠵᠤ᠂ ᠲᠤᠭᠠᠴᠢᠯᠠᠭᠰᠠᠨ ᠵᠡᠭᠦᠯᠲᠡ᠂ ᠰᠢᠩᠭᠡᠭᠡᠯᠲᠡ ᠸᠢᠳᠢᠤ᠋ ᠦᠢᠯᠡᠳᠬᠦ᠂ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠵᠡᠷᠭᠡ ᠬᠠᠮᠢᠶ᠎ᠠ ᠪᠦᠬᠦᠢ ᠠᠵᠢᠯ ᠶᠠᠪᠤᠳᠠᠯ ᠢ ᠵᠤᠯᠭᠠᠯᠴᠠᠭᠤᠯᠵᠤ᠂ 75 ᠠᠵᠤ ᠠᠬᠤᠶᠢᠯᠠᠯ ᠢ ᠪᠤᠶᠢᠵᠢᠭᠤᠯᠤᠭᠰᠠᠨ ᠪᠠ ᠤᠷᠢᠨ ᠤᠷᠤᠭᠤᠯᠵᠠᠢ᠂ ᠠᠵᠤ ᠠᠬᠤᠶᠢᠯᠠᠯ ᠤᠨ ᠰᠤᠯᠢᠯᠴᠠᠭᠠᠨ ᠤ ᠲᠤᠭ᠎ᠠ 5000 ᠲᠥᠮᠡᠨ ᠲᠦᠭᠦᠷᠢᠭ ᠢ ᠳᠠᠪᠠᠵᠤ᠂  ᠠᠵᠢᠯ ᠤᠯᠭᠤᠭᠰᠠᠳ ᠤᠨ ᠲᠤᠭ᠎ᠠ 860 ᠭᠠᠷᠤᠢ ᠬᠦᠮᠦᠨ ᠢ ᠳᠠᠪᠠᠪᠠ᠂  ᠲᠤᠭᠠᠴᠢᠯᠠᠭᠰᠠᠨ ᠵᠡᠭᠦᠯᠲᠡ᠂ ᠵᠢᠷᠤᠭ ᠲᠦᠰᠦᠪ ᠴᠢᠮᠡᠭᠯᠡᠯ᠂ ᠰᠢᠩᠭᠡᠭᠡᠯᠲᠡ ᠸᠢᠳᠢᠤ᠋ ᠦᠢᠯᠡᠳᠬᠦ ᠵᠡᠷᠭᠡ ᠬᠠᠮᠢᠶ᠎ᠠ ᠪᠦᠬᠦᠢ ᠴᠢᠳᠠᠪᠤᠷᠢᠲᠠᠨ ᠢ 1000 ᠭᠠᠷᠤᠢ ᠲᠥᠯᠦᠪᠦᠷᠢ ᠦᠭᠡᠢ ᠪᠠᠷ ᠬᠦᠮᠦᠵᠢᠭᠦᠯᠵᠦ᠂  ᠠᠵᠤ ᠦᠢᠯᠡᠰ ᠤᠨ ᠲᠦᠪᠯᠡᠷᠡᠯ ᠤᠨ ᠨᠦᠯᠦᠭᠡᠯᠡᠯ ᠢ ᠶᠡᠬᠡᠪᠡᠷ ᠪᠦᠷᠢᠯᠳᠦᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号