ᠬᠤᠩᠱᠠᠨ ᠲᠣᠭᠤᠷᠢᠭ ᠤᠨ ᠲᠤᠭᠠᠴᠢᠯᠠᠭᠰᠠᠨ ᠠᠵᠤ ᠠᠬᠤᠢ ᠶᠢᠨ ᠰᠤᠷᠠᠭ ᠵᠠᠩᠭᠢ ᠶᠢᠨ ᠠᠵᠤ ᠦᠢᠯᠡᠰ  ᠤᠨ ᠬᠡᠯᠬᠢᠶᠡᠵᠢᠯ ᠤᠨ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠰᠢᠨ᠎ᠡ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2022/12/9
       ᠨᠢᠭᠡ ᠳᠤ ᠰᠦᠯᠵᠢᠶᠡᠨ ᠳᠠᠬᠢ ᠠᠯᠤᠰ ᠡᠵᠡᠮᠰᠢᠯ ᠢᠶᠠᠷ ᠵᠤᠯᠭᠠᠯᠴᠠᠭᠤᠯᠬᠤ ᠠᠷᠭ᠎ᠠ ᠮᠠᠶ᠋ᠢᠭ ᠢ ᠠᠪᠴᠤ᠂ ᠰᠠᠢ ᠳ᠋ᠢ ᠰᠤᠳᠤᠯᠭᠠᠨ ᠤ ᠬᠦᠷᠢᠶᠡᠯᠡᠩ᠂ ᠵᠦᠩ ᠭᠤᠸᠠᠨ ᠲᠤᠰᠬᠤᠨ ᠤ ᠬᠠᠮᠢᠶᠠᠷᠤᠯᠲᠠ ᠶᠢᠨ ᠵᠦᠪᠯᠡᠯ ᠵᠡᠷᠭᠡ ᠠᠵᠤ ᠠᠬᠤᠶᠢᠯᠠᠯ ᠲᠠᠢ ᠬᠠᠮᠵᠢᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠤ᠂ 24 ᠨᠦᠭᠡᠴᠡᠯᠡᠭᠰᠡᠨ ᠰᠤᠷᠠᠭ ᠵᠠᠩᠭᠢᠴᠢᠯᠠᠭᠰᠠᠨ ᠲᠦᠷᠦᠯ ᠵᠦᠢᠯ ᠪᠤᠢ᠃        ᠬᠤᠶᠠᠷ ᠲᠤ ᠬᠤᠲᠠ ᠪᠠ ᠲᠡᠷᠭᠡᠨ ᠤ ᠵᠠᠮ ᠱᠤᠭᠤᠮ ᠢ ᠬᠠᠮᠵᠢᠯᠴᠠᠭᠤᠯᠤᠨ᠂ ᠠᠵᠤ ᠦᠢᠯᠡᠰ ᠤᠨ ᠬᠤᠯᠪᠤᠯᠴᠠᠯ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪ᠂ ᠭᠤᠤ ᠳ᠋ᠧ ᠭᠠᠵᠠᠷ ᠤᠨ ᠵᠢᠷᠤᠭ AI ᠤᠶᠤᠨᠴᠢ ᠪᠠᠶᠢᠴᠠᠭᠠᠯᠲᠠ ᠶᠢᠨ ᠲᠥᠪ᠂ ᠲᠢᠶᠠᠨ ᠯᠠᠨ ᠯᠠᠨ ᠠᠮᠢᠲᠤ ᠪᠤᠳᠠᠰ ᠤᠨ ᠰᠡᠷᠭᠡᠶᠢᠯᠡᠨ ᠵᠠᠰᠠᠬᠤ — ᠨᠢᠭᠡ ᠴᠤᠭᠴᠠᠵᠢᠭᠤᠯᠤᠭᠰᠠᠨ ᠲᠠᠪᠴᠠᠩ ᠵᠡᠷᠭᠡ 11 ᠲᠦᠷᠦᠯ ᠵᠦᠢᠯ ᠢ ᠠᠨᠵᠢᠯᠲᠠᠲᠠᠢ ᠨᠠᠶᠢᠳᠠᠪᠤᠷᠢᠵᠢᠭᠤᠯᠪᠠ᠃ ᠡᠭᠦᠨ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠤᠨ ᠤᠯᠠᠭᠠᠨᠬᠠᠳᠠ ᠶᠢᠨ ᠠᠵᠤ ᠦᠢᠯᠡᠰ ᠶᠢᠨ ᠰᠢᠨ᠎ᠡ ᠶᠢ ᠡᠬᠦᠳᠬᠦ ᠬᠦᠷᠢᠶᠡᠯᠡᠩ 2 ᠲᠠᠯᠠᠪᠠᠢ ︽ᡁᠢ ᠰᠢᠶᠠᠩ ᠡᠾᠦ᠋ᠢ︾ ᠰᠢᠷᠢᠰ ᠮᠡᠳᠡᠯᠭᠡ ᠶᠢᠨ ᠦᠮᠴᠢᠯᠡᠯ ᠤᠨ ᠡᠷᠬᠡ ᠶᠢᠨ ᠪᠤᠯᠪᠠᠰᠤᠷᠠᠭᠤᠯᠤᠯ ᠡᠷᠬᠢᠯᠡᠵᠦ᠂ ︽ᠰᠢᠨᠵᠢᠯᠡᠬᠦ ᠤᠬᠠᠭᠠᠨᠲᠠᠨ ᠤ ᠵᠤᠷᠢᠭ ᠰᠠᠨᠠᠭ᠎ᠠ︾ ᠶᠢ ᠲᠦᠭᠡᠮᠡᠯᠵᠢᠭᠦᠯᠬᠦ ᠠᠵᠢᠯ ᠢ ᠦᠷᠨᠢᠭᠦᠯᠦᠨ᠂ ᠤᠷᠤᠯᠴᠠᠭᠰᠠᠳ 5000 ᠬᠦᠮᠦᠨ ᠤᠳᠠᠭ᠎ᠠ ᠣᠷᠴᠢᠮ᠃ ᠯᠠᠨ ᠲᠢᠶᠠᠨ ᠲᠢᠶᠠᠨ ᠰᠢᠨᠵᠢᠯᠡᠭᠡ ᠮᠡᠷᠭᠡᠵᠢᠯ —  ᠲᠠᠷᠢᠶᠠᠯᠠᠩ ᠤᠢ ᠰᠢᠭᠤᠢ ᠶᠢᠨ ᠦᠢᠯᠡᠰ ᠤᠨ ᠬᠦᠨᠦᠭᠡᠯ ᠪᠦᠬᠦᠢ ᠠᠮᠢᠳᠤ ᠪᠤᠳᠠᠰ  ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠰᠢᠰᠲ᠋ᠧᠮ ᠤᠨ ᠨᠢᠭᠡ ᠴᠣᠭᠴᠠᠵᠢᠭᠤᠯᠤᠭᠰᠠᠨ ᠲᠠᠪᠴᠠᠩ ᠤᠨ ᠪᠠᠶᠢᠭᠤᠯᠤᠯᠲᠠ ᠶᠢᠨ ᠲᠥᠷᠦᠯ ᠵᠦᠢᠯ ᠢ ᠨᠠᠶᠢᠳᠠᠪᠤᠷᠢᠵᠢᠭᠤᠯᠵᠤ᠂ ᠰᠤᠳᠤᠯᠭᠠᠨ ᠤ ᠬᠦᠷᠢᠶᠡᠯᠡᠩ ᠤᠨ ᠲᠦᠷᠦᠯ ᠵᠦᠢᠯ ᠢ ᠤᠳᠤ ᠶᠠᠭ ᠲᠥᠯᠦᠪᠵᠢᠭᠦᠯᠦᠨ ᠪᠠᠶᠢᠭᠤᠯᠵᠤ ᠪᠤᠢ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号