| ︽ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠲᠥᠪ ᠬᠢᠭᠡᠳ ᠣᠷᠣᠨ | ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2020︺ 22 ᠳ᠋ᠤᠭᠠᠷ | ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠢ | ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ | ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹2018︺ 13 ᠳ᠋ᠤᠭᠠᠷ ᠲᠣᠭᠠᠲᠤ︶ | ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠯᠤᠭ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ ᠡᠳᠦᠭᠡ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ᠄ | ᠨᠢᠭᠡ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠲᠣᠪᠴᠢᠯᠠᠯ | ︵ᠨᠢᠭᠡ︶ ᠨᠡᠶᠢᠲᠡᠯᠡᠭᠰᠡᠨ ᠠᠬᠤᠢ ᠪᠠᠶᠢᠳᠠᠯ | 2020 ᠣᠨ ᠤ 7 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ | ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2020︺ 22 ᠳ᠋ᠤᠭᠠᠷ ᠲᠣᠭᠠᠲᠤ︶ ᠢ | ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠤᠵᠢ ᠶᠢᠨ | ᠱᠠᠲᠤᠨ ᠠᠴᠠ ᠳᠣᠷᠣᠭᠰᠢᠬᠢ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠬᠤ ᠬᠡᠷᠡᠭᠲᠡᠢ ᠭᠡᠵᠦ | ᠱᠠᠭᠠᠷᠳᠠᠪᠠ᠃ ᠤᠯᠤᠰ ᠤᠨ ᠥᠭᠡᠷᠡᠴᠢᠯᠡᠯᠲᠡ ᠶᠢᠨ ᠲᠥᠰᠥᠯ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ | ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠲᠠᠷᠬᠠᠭᠠᠭᠰᠠᠨ ︹2018︺ 13 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠪᠠ ᠱᠠᠭᠠᠷᠳᠠᠯᠭ᠎ᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠬᠦᠷᠢᠶᠡᠨ ᠳᠠᠬᠢ ᠮᠤᠵᠢ ᠶᠢᠨ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠢ | ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠢ ᠬᠤᠪᠢᠶᠠᠷᠢᠯᠠᠵᠤ᠂ ᠥᠪᠡᠷᠲᠡᠭᠡᠨ ᠵᠠᠰᠠᠬᠤ | ᠣᠷᠣᠨ ᠤ ᠥᠭᠡᠷᠡᠴᠢᠯᠡᠯᠲᠡ ᠶᠢᠨ ᠲᠥᠰᠥᠯ ᠢ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠢᠩᠬᠢᠮ ᠯᠤᠭ᠎ᠠ ᠬᠠᠮᠲᠤᠷᠠᠨ ᠲᠤᠰ ᠲᠥᠰᠥᠯ ᠢ ᠰᠤᠳᠤᠯᠤᠨ ᠲᠤᠭᠤᠷᠪᠢᠪᠠ᠃ | ︵ᠬᠤᠶᠠᠷ︶ ᠦᠨᠳᠦᠰᠦᠨ ᠵᠠᠷᠴᠢᠮ | ᠨᠢᠭᠡ ᠳᠤ᠂ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠥᠷᠭᠡᠨ ᠢᠶᠠᠷ ᠣᠷᠣᠯᠴᠠᠭᠤᠯᠬᠤ ᠶᠢ | ᠪᠠᠷᠢᠮᠲᠠᠯᠠᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠪᠠᠷ ᠡᠬᠢᠯᠡᠯᠲᠡ ᠵᠣᠭᠰᠣᠯᠲᠠ | ᠪᠣᠯᠭᠠᠵᠤ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠵᠠᠰᠠᠭ ᠤᠨ ᠣᠷᠳᠣᠨ ᠤ ᠭᠤᠣᠯᠯᠠᠬᠤ | ᠦᠢᠯᠡᠳᠦᠯ ᠢ ᠪᠠᠷᠢᠮᠲᠠᠯᠠᠵᠤ᠂ ᠭᠤᠣᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠤ ᠵᠡᠷᠭᠡ ᠳᠤ᠂ | ᠨᠡᠶᠢᠭᠡᠮ ᠤᠨ ᠬᠦᠴᠦᠨ ᠢ ᠲᠡᠳᠡᠨ ᠳᠠᠶᠢᠴᠢᠯᠠᠵᠤ ᠪᠠᠶᠢᠭᠠᠳ ᠥᠷᠭᠡᠨ ᠢᠶᠠᠷ ᠣᠷᠣᠯᠴᠠᠭᠤᠯᠵᠤ᠂ ᠵᠠᠰᠠᠭ ᠤᠨ ᠣᠷᠳᠣᠨ | ᠪᠣᠯᠣᠨ ᠨᠡᠶᠢᠭᠡᠮ ᠤᠨ ᠬᠦᠴᠦᠨ᠂ ᠵᠠᠬ᠎ᠠ ᠳᠡᠯᠭᠡᠭᠦᠷ ᠤᠨ ᠲᠣᠭᠲᠠᠴᠠ ᠶᠢᠨ ᠬᠠᠮᠵᠢᠯᠴᠠᠭᠰᠠᠨ᠂ ᠠᠰᠢᠭᠲᠠᠢ ᠬᠠᠷᠢᠯᠴᠠᠨ | ᠦᠢᠯᠡᠳᠦᠯᠴᠡᠭᠰᠡᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠲᠣᠭᠲᠠᠴᠠ ᠶᠢ ᠪᠤᠶ | ᠪᠣᠯᠭᠠᠬᠤ ᠶᠢ ᠠᠬᠢᠭᠤᠯᠤᠨ᠎ᠠ᠃ | ᠬᠤᠶᠠᠷ ᠲᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ | ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ | ᠶᠠᠪᠤᠳᠠᠯ ᠢ ᠬᠠᠮᠢᠶᠠᠷᠬᠤ ᠡᠷᠬᠡ ᠶᠢᠨ ᠥᠭᠡᠷᠡᠴᠢᠯᠡᠯᠲᠡ ᠶᠢᠨ ᠲᠥᠰᠥᠯ ᠤᠨ ᠶᠡᠷᠦᠩᠬᠡᠢ ᠪᠣᠷᠣ ᠲᠥᠰᠥᠪ ᠤᠨ ᠳᠣᠣᠷ᠎ᠠ᠂ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠵᠣᠬᠢᠰᠲᠠᠢ ᠬᠤᠪᠢᠶᠠᠷᠢᠯᠠᠵᠤ᠂ ᠪᠥᠬᠦ ᠣᠷᠣᠨ ᠤ ᠴᠢᠨᠠᠷᠲᠠᠢ ᠪᠤᠶᠤ ᠣᠷᠣᠨ ᠪᠦᠰᠡ ᠠᠯᠤᠰᠯᠠᠭᠰᠠᠨ᠂ | ᠭᠤᠣᠯᠳᠠᠯᠭ᠎ᠠ ᠲᠠᠢ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ ᠳᠤ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠵᠣᠬᠢᠬᠤ ᠬᠡᠮᠵᠢᠶ᠎ᠡ ᠪᠠᠷ ᠴᠢᠩᠭᠠᠳᠬᠠᠨ᠎ᠠ︔ ᠣᠷᠣᠨ ᠪᠦᠰᠡ ᠶᠢᠨ ᠴᠢᠨᠠᠷ ᠢᠶᠠᠷ ᠴᠢᠩᠭ᠎ᠠ᠂ | ᠦᠨᠳᠦᠰᠦᠨ ᠱᠠᠲᠤᠨ ᠳᠤ ᠰᠢᠭᠤᠳ ᠬᠠᠨᠳᠤᠭᠰᠠᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠡᠷᠡᠭ | ᠶᠠᠪᠤᠳᠠᠯ ᠳᠤ ᠠᠶᠢᠮᠠᠭ ᠬᠤᠲᠠ ᠶᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠳᠠᠪᠠᠭᠤᠯᠢᠭ ᠪᠠ ᠢᠳᠡᠪᠬᠢᠵᠢᠯ ᠢ | ᠭᠦᠢᠴᠡᠳ ᠪᠠᠳᠠᠷᠠᠭᠤᠯᠤᠨ᠎ᠠ︔ ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠬᠠᠷᠠᠭᠤᠯᠤᠭᠰᠠᠨ᠂ ᠨᠢᠭᠡᠳᠦᠯᠲᠡᠢ | ᠪᠠᠶᠢᠷᠢᠯᠠᠭᠤᠯᠤᠭᠰᠠᠨ᠂ ᠱᠠᠲᠤ ᠬᠤᠪᠢᠶᠠᠨ ᠬᠡᠷᠡᠭᠵᠢᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠬᠡᠷᠡᠭ ᠶᠠᠪᠤᠳᠠᠯ ᠳᠤ ᠠᠰᠢᠭ ᠭᠥᠷᠳᠡᠬᠦ ᠬᠡᠪᠴᠢᠶ᠎ᠡ᠂ ᠵᠠᠰᠠᠭ ᠵᠠᠬᠢᠷᠭᠠᠨ ᠤ ᠦᠷ᠎ᠡ ᠪᠦᠲᠦᠮᠵᠢ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠᠷ ᠨᠤᠲᠠᠯᠠᠨ ᠲᠣᠭᠲᠠᠭᠠᠵᠤ᠂ ᠪᠥᠬᠦ ᠣᠷᠣᠨ ᠤ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠬᠡᠷᠡᠭ ᠶᠠᠪᠤᠳᠠᠯ ᠤᠨ ᠡᠳ᠋ ᠤᠨ ᠵᠠᠰᠠᠭ ᠤᠨ ᠪᠠᠲᠤᠯᠠᠭ᠎ᠠ ᠶᠢᠨ ᠨᠡᠶᠢᠯᠡᠮᠡᠯ | ᠬᠦᠴᠦᠨ ᠢ ᠴᠢᠷᠮᠠᠶᠢᠨ ᠪᠣᠶ ᠪᠣᠯᠭᠠᠨ᠎ᠠ᠃ | ᠭᠤᠷᠪᠠ ᠳᠤ᠂ ᠯᠠᠪᠳᠠᠭᠤᠨ ᠪᠥᠭᠡᠳ ᠡᠮᠬᠢ ᠵᠢᠷᠤᠮ ᠲᠠᠢ᠂ ᠲᠥᠷᠥᠯ ᠬᠤᠪᠢᠶᠠᠨ ᠠᠬᠢᠭᠤᠯᠬᠤ ᠶᠢ | ᠪᠠᠷᠢᠮᠲᠠᠯᠠᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠶᠡᠷᠦᠩᠬᠡᠢ ᠳᠤ ᠪᠠᠨ ᠲᠣᠭᠲᠠᠭᠤᠨ ᠪᠠᠶᠢᠯᠭᠠᠬᠤ ᠶᠢ | ᠪᠠᠲᠤᠯᠠᠭᠰᠠᠨ ᠰᠠᠭᠤᠷᠢᠨ ᠳᠡᠭᠡᠷ᠎ᠡ᠂ ᠣᠳᠣᠬᠠᠨ ᠤ ᠪᠠ ᠠᠯᠤᠰ ᠬᠡᠲᠦ ᠶᠢ ᠬᠠᠮᠲᠤ ᠳᠤ ᠨᠢ ᠬᠠᠷᠠᠭᠠᠯᠵᠠᠵᠤ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠥᠷᠥᠯ ᠬᠤᠪᠢᠶᠠᠨ | ᠠᠬᠢᠭᠤᠯᠵᠤ᠂ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠣᠲᠣ ᠶᠢᠨ ᠬᠡᠷᠡᠭᠵᠢᠭᠦᠯᠵᠦ | ᠪᠠᠶᠢᠭ᠎ᠠ ᠬᠤᠪᠢᠶᠠᠷᠢᠯᠠᠯ ᠢᠶᠠᠷ ᠨᠡᠯᠢᠶᠡᠳ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠮᠥᠷᠲᠡᠭᠡᠨ ᠪᠦᠲᠦᠮᠵᠢᠲᠡᠶ | ᠵᠦᠢᠯᠡᠰ ᠢ ᠨᠤᠲᠠᠯᠠᠨ ᠲᠣᠭᠲᠠᠭᠠᠨ᠎ᠠ︔ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠭᠠᠳᠤᠢ ᠵᠦᠢᠯᠡᠰ ᠢ | ᠨᠥᠬᠦᠪᠦᠷᠢᠯᠡᠨ ᠲᠡᠭᠦᠯᠳᠡᠷᠵᠢᠭᠦᠯᠵᠦ᠂ ᠲᠣᠳᠣᠷᠬᠠᠶᠢᠯᠠᠨ᠎ᠠ︔ ᠥᠭᠡᠷᠡᠴᠢᠯᠡᠯᠲᠡ ᠶᠢᠨ ᠨᠥᠬᠦᠴᠡᠯ ᠬᠠᠷᠠᠬᠠᠨ | ᠪᠦᠷᠢᠯᠳᠦᠭᠡᠳᠦᠢ ᠵᠦᠢᠯᠡᠰ ᠲᠤ ᠥᠭᠡᠷᠡᠴᠢᠯᠡᠯᠲᠡ ᠶᠢᠨ ᠴᠢᠭᠯᠡᠯ ᠢ ᠲᠣᠳᠣᠷᠬᠠᠢ ᠪᠣᠯᠭᠠᠵᠤ᠂ ᠬᠤᠯᠪᠣᠭᠳᠠᠯ ᠪᠦᠬᠦᠢ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤ ᠨᠢ | ᠲᠣᠬᠢᠷᠠᠭᠤᠯᠤᠨ ᠲᠡᠭᠦᠯᠳᠡᠷᠵᠢᠭᠦᠯᠦᠨ᠎ᠡ᠃ | ︵ᠭᠤᠷᠪᠠ︶ ᠭᠤᠣᠯ ᠠᠭᠤᠯᠭ᠎ᠠ | ᠭᠤᠣᠯ ᠠᠭᠤᠯᠭ᠎ᠠ ᠳᠤ᠄ ᠶᠡᠷᠦᠩᠬᠡᠢ ᠱᠠᠭᠠᠷᠳᠠᠯᠭ᠎ᠠ᠂ ᠭᠤᠣᠯ ᠠᠭᠤᠯᠭ᠎ᠠ᠂ ᠢᠵᠢ ᠪᠦᠷᠢᠳᠦᠭᠦᠯᠬᠦ ᠠᠷᠭ᠎ᠠ | ᠬᠡᠮᠵᠢᠶ᠎ᠡ ᠪᠠᠭᠲᠠᠨ᠎ᠠ᠂ ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄ | 1. ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠥᠪ ᠤᠨ ᠥᠭᠡᠷᠡᠴᠢᠯᠡᠯᠲᠡ ᠶᠢᠨ ᠶᠡᠷᠦᠩᠬᠡᠢ ᠪᠠᠶᠢᠷᠢᠯᠠᠭᠤᠯᠤᠯᠲᠠ ᠪᠣᠯᠣᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠵᠠᠰᠠᠭ ᠤᠨ | ᠣᠷᠳᠣᠨ ᠤ ᠬᠤᠭᠤᠷᠣᠨᠳᠣᠬᠢ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠡᠳ᠋ ᠤᠨ ᠵᠠᠰᠠᠭ ᠤᠨ ᠡᠷᠬᠡ ᠶᠢᠨ | ᠬᠤᠪᠢᠶᠠᠷᠢᠯᠠᠯ ᠢ ᠰᠢᠯᠢᠳᠡᠭᠵᠢᠭᠦᠯᠵᠦ᠂ ᠡᠷᠬᠡ ᠬᠠᠷᠢᠭᠤᠴᠠᠯᠭ᠎ᠠ ᠲᠣᠳᠣᠷᠬᠠᠢ᠂ ᠡᠳ᠋ ᠤᠨ ᠬᠦᠴᠦᠨ ᠵᠣᠬᠢᠴᠠᠩᠭᠤᠢ᠂ | ᠣᠷᠣᠨ ᠪᠦᠰᠡ ᠲᠡᠩᠴᠡᠭᠦᠷᠢᠲᠡᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ | ᠬᠠᠷᠢᠴᠠᠭ᠎ᠠ ᠪᠠᠶᠢᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ ᠠᠵᠢᠯ ᠶᠠᠪᠤᠳᠠᠯ ᠢ ᠬᠠᠮᠢᠶᠠᠷᠬᠤ ᠡᠷᠬᠡ᠂ | ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ ᠬᠠᠷᠢᠯᠴᠠᠨ ᠵᠣᠬᠢᠴᠠᠯᠳᠤᠭᠰᠠᠨ ᠲᠣᠭᠲᠠᠪᠤᠷᠢᠲᠠᠢ ᠳᠦᠷᠢᠮ ᠢ | ᠪᠣᠶ ᠪᠣᠯᠭᠠᠵᠤ᠂ ᠮᠠᠨ ᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠣᠯᠠᠨ | ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ ᠪᠦᠲᠦᠮᠵᠢ ᠪᠠ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠪᠠ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠤᠨ᠎ᠠ᠃ | 2. ᠭᠤᠣᠯ ᠠᠭᠤᠯᠭ᠎ᠠ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠷᠢᠶᠡᠨ ᠳᠠᠬᠢ ᠲᠥᠪ ᠬᠢᠭᠡᠳ ᠣᠷᠣᠨ | ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ | ᠬᠤᠪᠢᠶᠠᠷᠢᠯᠠᠯ ᠤᠨ ᠪᠣᠷᠣ ᠲᠥᠰᠥᠪ ᠶᠣᠰᠣᠭᠠᠷ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ | ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠭᠠᠢ ᠭᠠᠮᠰᠢᠭ ᠠᠳᠡᠯ ᠤᠨ | ᠲᠦᠭᠰᠢᠭᠦᠷᠢ ᠶᠢᠨ ᠳᠠᠯᠳᠠ ᠬᠡᠮ ᠢ ᠪᠠᠶᠢᠴᠠᠭᠠᠬᠤ ᠵᠢᠴᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ | ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠭᠤᠷᠪᠠᠨ ᠲᠠᠯ᠎ᠠ ᠶᠢᠨ 8 ᠵᠦᠢᠯ ᠤᠨ ᠪᠣᠳᠠᠲᠠᠢ | ᠠᠭᠤᠯᠭ᠎ᠠ ᠳᠤ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠢ | ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠨ᠎ᠠ᠃ | ᠨᠢᠭᠡ ᠳᠤ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠤᠨ ᠲᠠᠯ᠎ᠠ ᠶᠢᠨ | ᠪᠣᠳᠠᠲᠠᠢ ᠠᠭᠤᠯᠭ᠎ᠠ ᠳᠤ ᠪᠠᠭᠲᠠᠬᠤ ᠨᠢ᠄ ︵1︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠳᠦᠷᠢᠮ ᠤᠨ ᠪᠠᠶᠢᠭᠤᠯᠤᠯᠲᠠ︔ ︵2︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ | ᠪᠠᠶᠢᠭᠤᠯᠤᠯᠲᠠ︔ ︵3︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠤᠨ ᠪᠠᠶᠢᠭᠤᠯᠤᠯᠲᠠ︔ ︵4︶ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ︔ ︵5︶ | ᠪᠠᠴᠢᠮ ᠪᠠᠶᠢᠳᠠᠯ ᠢ ᠠᠷᠭᠠᠴᠠᠭᠠᠬᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠯ᠃ | ᠬᠤᠶᠠᠷ ᠲᠤ᠂ ᠭᠠᠢ ᠭᠠᠮᠰᠢᠭ ᠪᠠ ᠠᠳᠡᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠠᠶᠢᠴᠠᠭᠠᠬᠤ | ᠵᠢᠴᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠪᠣᠳᠠᠲᠠᠢ ᠠᠭᠤᠯᠭ᠎ᠠ ᠳᠤ ᠪᠠᠭᠲᠠᠬᠤ ᠨᠢ᠄ ︵1︶ ᠭᠠᠢ | ᠭᠠᠮᠰᠢᠭ ᠪᠠ ᠠᠳᠡᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠪᠠᠶᠢᠴᠠᠭᠠᠬᠤ︔ ︵2︶ ᠭᠠᠢ ᠭᠠᠮᠰᠢᠭ ᠪᠠ | ᠠᠳᠡᠯ ᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ᠃ | ᠭᠤᠷᠪᠠ ᠳᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠠᠪᠤᠷᠠᠨ ᠲᠤᠰᠠᠯᠠᠵᠤ ᠭᠠᠮᠰᠢᠭ ᠠᠴᠠ | ᠠᠪᠤᠷᠠᠬᠤ᠃ | 3. ᠢᠵᠢ ᠪᠦᠷᠢᠳᠦᠭᠦᠯᠬᠦ ᠠᠷᠭ᠎ᠠ ᠬᠡᠮᠵᠢᠶ᠎ᠡ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ | ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ︔ ᠬᠤᠶᠠᠷ ᠲᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ | ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ︔ ᠭᠤᠷᠪᠠ ᠳᠤ᠂ ᠢᠵᠢ ᠪᠦᠷᠢᠳᠦᠭᠦᠯᠬᠦ ᠳᠦᠷᠢᠮ ᠢ | ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠤᠨ᠎ᠠ᠃ | ︵ᠳᠥᠷᠪᠡ︶ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠭᠴᠢ ᠵᠢᠴᠢ ᠠᠰᠠᠭᠤᠨ ᠯᠠᠪᠯᠠᠬᠤ ᠤᠲᠠᠰᠤ | ᠬᠡᠷᠪᠡ ᠲᠣᠰ ᠲᠥᠰᠥᠯ᠂ ᠰᠠᠨᠠᠯ ᠢ ᠣᠶᠢᠯᠠᠭᠠᠬᠤ ᠦᠭᠡᠢ ᠭᠠᠵᠠᠷ ᠪᠠᠶᠢᠪᠠᠯ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠪᠠᠶᠢᠭᠠᠯᠢ ᠶᠢᠨ ᠡᠬᠢ ᠪᠠᠶᠠᠯᠢᠭ ᠬᠢᠭᠡᠳ ᠠᠮᠢ | ᠠᠬᠤᠢ ᠣᠷᠴᠢᠨ ᠲᠣᠭᠤᠷᠢᠨ ᠤ ᠭᠠᠵᠠᠷ ᠠᠴᠠ ᠪᠣᠳᠠᠲᠠᠢ ᠠᠰᠠᠭᠤᠨ ᠯᠠᠪᠯᠠᠵᠤ ᠪᠣᠯᠣᠨ᠎ᠠ᠂ ᠲᠥᠷᠥ ᠶᠢᠨ ᠪᠣᠳᠣᠯᠭ᠎ᠠ ᠶᠢᠨ | ᠠᠰᠠᠭᠤᠨ ᠯᠠᠪᠯᠠᠬᠤ ᠤᠲᠠᠰᠤ᠄ 0471-4192195᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠴᠢ᠄ | ᠸᠠᠩ ᠳ᠋ᠦᠩ ᠱᠧᠩ︔ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠠᠯᠪᠠᠨ ᠭᠡᠷ ᠠᠴᠠ ᠠᠰᠠᠭᠤᠨ ᠯᠠᠪᠯᠠᠵᠤ ᠪᠣᠯᠣᠨ᠎ᠠ᠂ ᠲᠥᠷᠥ ᠶᠢᠨ | ᠪᠣᠳᠣᠯᠭ᠎ᠠ ᠶᠢᠨ ᠠᠰᠠᠭᠤᠨ ᠯᠠᠪᠯᠠᠬᠤ ᠤᠲᠠᠰᠤ᠄ 0471-4820211᠃ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠬᠢᠭᠴᠢ᠄ ᠼᠦᠢ ᠶᠢᠩ ᠵᠢᠶᠧ ︵ᠠᠵᠢᠯᠯᠠᠬᠤ ᠡᠳᠦᠷ ᠤᠨ 9᠄ 00 - 12᠄ 00᠂ 13᠄ 30 - | 17᠄ 00︶᠃ | ᠬᠤᠶᠠᠷ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠡᠯᠪᠡᠷᠢ | ᠲᠣᠰ ᠲᠠᠶᠢᠯᠤᠮᠵᠢ ᠶᠢᠨ ᠲᠥᠰᠥᠯ ᠢ ᠪᠢᠴᠢᠭ ᠤᠨ ᠬᠡᠯᠪᠡᠷᠢ ᠪᠠᠷ ᠲᠠᠶᠢᠯᠪᠤᠷᠢᠯᠠᠨ᠎ᠠ᠃ | ᠭᠤᠷᠪᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠷᠭ᠎ᠠ ᠵᠠᠮ | ᠲᠣᠰ ᠲᠠᠶᠢᠯᠤᠮᠵᠢ ᠶᠢᠨ ᠲᠥᠰᠥᠯ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠷᠭ᠎ᠠ ᠵᠠᠮ ᠪᠣᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠪᠣᠯᠣᠨ᠎ᠠ᠃ | ᠳᠥᠷᠪᠡ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠴᠠᠭ | ᠲᠣᠰ ᠲᠠᠶᠢᠯᠤᠮᠵᠢ ᠶᠢᠨ ᠲᠥᠰᠥᠯ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠴᠠᠭ ᠨᠢ ᠲᠣᠰ | ᠲᠥᠰᠥᠯ ᠢ ᠨᠡᠶᠢᠲᠡᠯᠡᠭᠰᠡᠨ ᠡᠳᠦᠷ ᠠᠴᠠ ᠡᠬᠢᠯᠡᠨ᠎ᠡ᠃ |