ᠬᠤᠩᠱᠠᠨ ᠲᠣᠭᠤᠷᠢᠭ 2022 ᠣᠨ ᠤ ᠬᠢᠨᠠᠨ ᠪᠤᠳᠤᠯᠲᠠ ᠶᠢᠨ ᠲᠦᠷᠦᠯ ᠵᠦᠢᠯ ᠢ ᠪᠦᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2022/2/24
        2022 ᠣᠨ ᠤ ᠬᠢᠨᠠᠨ ᠪᠤᠳᠤᠯᠲᠠ ᠶᠢᠨ ᠠᠵᠢᠯ ᠢ ᠪᠠᠲᠤᠲᠠᠢ᠂ ᠡᠮᠬᠢ ᠴᠡᠭᠴᠡ ᠲᠠᠢ ᠠᠬᠢᠭᠤᠯᠤᠨ᠂ ᠬᠢᠨᠠᠨ ᠪᠤᠳᠤᠯᠲᠠ ᠶᠢᠨ ᠠᠵᠢᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠨᠠᠨ ᠪᠤᠳᠤᠯᠲᠠ ᠬᠢᠨᠠᠨ ᠪᠠᠶᠢᠴᠠᠭᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠬᠦ ᠶᠢᠨ ᠲᠥᠯᠦᠭᠡ᠂ ᠬᠤᠩᠱᠠᠨ ᠲᠣᠭᠤᠷᠢᠭ 2022 ᠣᠨ ᠤ ᠬᠢᠨᠠᠨ ᠪᠤᠳᠤᠯᠲᠠ ᠶᠢᠨ ᠲᠥᠯᠦᠪᠯᠡᠭᠡ ᠶᠢ ︽ᠭᠤᠷᠪᠠᠨ ᠠᠯᠬᠤᠮ  ᠢᠶᠠᠷ︾ ᠨᠢᠭᠡᠲᠦᠯᠲᠡᠢ ᠲᠥᠯᠦᠪᠵᠢᠭᠦᠯᠦᠨ ᠨᠠᠶᠢᠳᠠᠪᠤᠷᠢᠵᠢᠭᠤᠯᠪᠠ᠃        ᠨᠢᠭᠡ ᠳᠤ᠂ ᠤᠷᠢᠳᠠᠪᠡᠷ ᠲᠥᠯᠦᠪᠯᠡᠭᠡ ᠲᠤᠭᠲᠠᠭᠠᠬᠤ ᠶᠢ ᠪᠠᠷᠢᠮᠲᠠᠯᠠᠨ᠂ ᠡᠷᠲᠡ ᠠᠴᠠ ᠲᠦᠯᠦᠪᠵᠢᠭᠦᠯᠦᠨ ᠪᠠᠶᠢᠷᠢᠯᠠᠭᠤᠯᠪᠠ᠃ ︽ᠬᠢᠨᠠᠨ ᠪᠤᠳᠤᠯᠲᠠ ᠶᠢᠨ ᠬᠠᠤᠯᠢ︾ ᠵᠢᠴᠢ ᠪᠤᠰᠤᠳ ᠬᠠᠤᠯᠢ ᠴᠠᠭᠠᠵᠠ ᠬᠠᠤᠯᠢ ᠳᠦᠷᠢᠮ ᠤᠨ ᠲᠤᠭᠲᠠᠭᠠᠯ ᠶᠤᠰᠤᠭᠠᠷ ᠲᠤᠭᠤᠷᠢᠭ ᠤᠨ ᠭᠤᠤᠯᠳᠠᠯᠭ᠎ᠠ ᠲᠠᠢ ᠠᠵᠢᠯ ᠤᠨ ᠲᠤᠬᠢᠷᠠᠭᠤᠯᠭ᠎ᠠ ᠪᠠ ᠴᠢᠬᠤᠯᠠ ᠶᠡᠭᠡ ᠰᠢᠢᠳᠪᠦᠷᠢ ᠪᠠᠶᠢᠷᠢᠯᠠᠭᠤᠯᠤᠯᠲᠠ ᠶᠢᠨ ᠲᠤᠭᠤᠷᠢᠨ ᠳᠤ ᠠᠵᠢᠯ ᠤᠨ ᠪᠤᠳᠠᠲᠠᠢ ᠲᠠᠢ ᠤᠶᠠᠯᠳᠤᠭᠤᠯᠤᠨ᠂ 2021 ᠣᠨ  ᠤ 11 ᠰᠠᠷ᠎ᠠ ᠶᠢᠨ ᠰᠡᠭᠦᠯᠴᠢ ᠳᠤ 2022 ᠣᠨ ᠤ ᠬᠢᠨᠠᠨ ᠪᠤᠳᠤᠯᠲᠠ ᠶᠢᠨ ᠲᠦᠷᠦᠯ ᠵᠦᠢᠯ ᠤᠨ ᠲᠥᠯᠦᠪᠯᠡᠭᠡ ᠶᠢ ᠲᠦᠰᠦᠪᠯᠡᠵᠦ᠂ ᠲᠤᠰᠬᠠᠢ ᠰᠡᠳᠦᠪᠲᠦ ᠬᠤᠷᠠᠯ ᠢᠶᠠᠷ ᠰᠤᠳᠤᠯᠤᠨ ᠶᠠᠷᠢᠯᠴᠠᠪᠠ᠃        ᠬᠤᠶᠠᠷ ᠲᠤ᠂ ᠤᠨᠤᠯ ᠢᠶᠠᠷ ᠵᠡᠪᠰᠡᠭᠯᠡᠬᠦ ᠶᠢ ᠪᠠᠷᠢᠮᠲᠠᠯᠠᠨ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠪᠡ᠃ ᠴᠠᠭᠠᠨ ᠰᠠᠷ᠎ᠠ ᠶᠢᠨ ᠠᠮᠠᠷᠠᠯᠲᠠ ᠳᠠᠭᠤᠰᠴᠤ ᠠᠵᠢᠯ ᠡᠬᠢᠯᠡᠭᠰᠡᠨ ᠤ ᠳᠠᠷᠠᠭ᠎ᠠ ︽ᠴᠠᠭᠠᠨ ᠰᠠᠷ᠎ᠠ ᠶᠢᠨ ᠨᠤᠮ ᠤᠩᠰᠢᠯᠭ᠎ᠠ ᠶᠢᠨ ᠴᠢᠭᠤᠯᠭᠠᠨ︾ ᠵᠡᠷᠭᠡ ᠠᠵᠢᠯᠯᠠᠭᠠᠨ ᠢ ᠭᠦᠢᠴᠡᠳ ᠠᠰᠢᠭᠯᠠᠵᠤ᠂ ᠦᠪᠡᠷᠲᠡᠭᠡᠨ ᠵᠠᠰᠠᠬᠤ ᠣᠷᠤᠨ ᠤ ᠬᠢᠨᠠᠨ ᠪᠤᠳᠤᠯᠲᠠ ᠶᠢᠨ ᠲᠢᠩᠬᠢᠮ ᠤᠨ ︽ᠣᠷᠤᠨ ᠤ ᠬᠢᠨᠠᠨ ᠪᠤᠳᠤᠯᠲᠠ ᠶᠢᠨ ᠠᠵᠢᠯ ︾ ᠤᠨ ᠬᠤᠷᠠᠯ ᠤᠨ ᠵᠣᠷᠢᠭ ᠰᠠᠨᠠᠭ᠎ᠠ ᠪᠠ ᠲᠢᠩᠬᠢᠮ ᠤᠨ ᠤᠳᠤᠷᠢᠳᠤᠯᠭ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶᠡᠨ ᠤ ᠬᠢᠨᠠᠨ ᠪᠤᠳᠤᠯᠲᠠ ᠶᠢᠨ ᠠᠵᠢᠯ ᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠢᠭᠡᠲᠦᠯᠲᠡᠢ ᠰᠤᠷᠤᠯᠴᠠᠭᠤᠯᠪᠠ᠃        ᠭᠤᠷᠪᠠ ᠳᠤ᠂ ︽ᠰᠤᠳᠤᠯᠭᠠᠨ ᠤ ᠮᠠᠶ᠋ᠢᠭ ᠤᠨ︾ ᠬᠢᠨᠠᠨ ᠪᠤᠳᠤᠯᠲᠠ ᠶᠢ ᠪᠠᠷᠢᠮᠲᠠᠯᠠᠨ᠂ ᠲᠦᠷᠦᠯ ᠵᠦᠢᠯ  ᠤᠨ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠲᠦᠷᠦᠯ ᠵᠦᠢᠯ ᠤᠨ ᠠᠬᠢᠴᠠ ᠶᠢ ᠪᠠᠲᠤᠯᠠᠨ᠂ ᠰᠠᠨᠠᠭᠠᠴᠢᠯᠠᠭᠠᠲᠤ ᠡᠷᠬᠡ ᠶᠢ ᠠᠳᠬᠤᠬᠤ ᠶᠢᠨ ᠲᠥᠯᠦᠭᠡ᠂ ᠬᠤᠩᠱᠠᠨ ᠲᠣᠭᠤᠷᠢᠭ ︽ᠰᠤᠳᠤᠯᠭᠠᠨ ᠤ ᠮᠠᠶ᠋ᠢᠭ ᠤᠨ︾ ᠬᠢᠨᠠᠨ ᠪᠤᠳᠤᠯᠲᠠ  ᠶᠢᠨ ᠵᠠᠷᠴᠢᠮ ᠢ ᠪᠠᠷᠢᠮᠲᠠᠯᠠᠵᠤ᠂ ᠬᠢᠨᠠᠨ ᠪᠤᠳᠤᠯᠲᠠ ᠶᠢᠨ ᠠᠵᠢᠯᠲᠠᠳ ᠦᠩᠭᠡᠷᠡᠭᠰᠡᠨ ᠵᠢᠯ ᠤᠳ ᠤᠨ ᠳᠠᠩᠰᠠ ᠡᠪᠬᠡᠮᠡᠯ  ᠢ ᠪᠠᠶᠢᠴᠠᠭᠠᠨ ᠦᠵᠡᠵᠦ ᠰᠤᠷᠤᠯᠴᠠᠬᠤ᠂ ᠮᠠᠲ᠋ᠧᠷᠢᠶᠠᠯ ᠣᠷᠪᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠬᠢᠨᠠᠨ ᠪᠤᠳᠤᠯᠲᠠ ᠶᠢᠨ ᠪᠠᠶᠢᠭᠤᠯᠭ᠎ᠠ ᠶᠢᠨ ᠰᠢᠨᠵᠢ ᠴᠢᠨᠠᠷ᠂ ᠪᠠᠶᠢᠭᠤᠯᠤᠮᠵᠢ ᠶᠢᠨ ᠲᠤᠬᠢᠷᠠᠭᠤᠯᠤᠯᠲᠠ᠂ ᠭᠤᠤᠯ ᠡᠭᠦᠷᠭᠡ ᠬᠠᠷᠢᠭᠤᠴᠠᠯᠭ᠎ᠠ ᠭᠤᠣᠯ ᠠᠵᠢᠯ ᠶᠠᠪᠤᠳᠠᠯ᠂ ᠠᠵᠢᠯ ᠤᠨ ᠬᠠᠷᠢᠭᠤᠴᠠᠯᠭ᠎ᠠ ᠵᠢᠴᠢ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ ᠶᠢᠨ ᠬᠦᠷᠢᠶ᠎ᠡ ᠬᠡᠪᠴᠢᠶ᠎ᠡ ᠵᠡᠷᠭᠡ ᠦᠨᠳᠦᠰᠦᠨ ᠪᠠᠶᠢᠳᠠᠯ ᠢ ᠭᠦᠢᠴᠡᠳ ᠤᠶᠢᠯᠠᠭᠠᠵᠤ᠂ ᠬᠢᠨᠠᠨ ᠪᠤᠳᠤᠯᠲᠠ  ᠶᠢᠨ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠲᠥᠰᠦᠯ ᠢ ᠤᠯᠠᠮ ᠨᠢᠭᠡ ᠠᠯᠬᠤᠮ ᠭᠦᠨᠵᠡᠭᠡᠢ ᠵᠠᠳᠠᠯᠪᠠ᠃ ᠤᠳᠤᠬᠠᠨ ᠳᠤ ᠡᠯ᠎ᠡ ᠬᠢᠨᠠᠨ ᠪᠤᠳᠤᠯᠲᠠ ᠶᠢᠨ ᠳᠤᠭᠤᠶᠢᠯᠠᠩ ᠨᠤᠭᠤᠳ ᠤᠷᠢᠳ ᠬᠤᠵᠢᠳ ᠠᠵᠢᠯ ᠳᠠᠭᠠᠨ ᠭᠠᠷᠴᠤ 4 ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡᠳᠦᠭᠡᠷ ᠪᠦᠯᠦᠭ ᠬᠢᠨᠠᠨ ᠪᠤᠳᠤᠯᠲᠠ ᠶᠢᠨ ᠲᠦᠷᠦᠯ ᠵᠦᠢᠯ ᠢᠶᠠᠨ ᠳᠠᠭᠤᠰᠬᠠᠵᠤ᠂ ᠬᠢᠨᠠᠨ ᠪᠤᠳᠤᠯᠲᠠ ᠶᠢᠨ ᠮᠡᠳᠡᠭᠦᠯᠦᠯᠲᠡ ᠪᠠᠨ ᠲᠤᠰᠢᠶᠠᠬᠤ ᠪᠣᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号