ᠬᠤᠩᠱᠠᠨ ᠲᠤᠭᠤᠷᠢᠭ ᠰᠤᠶᠤᠯ ᠵᠢᠭᠤᠯᠴᠢᠯᠠᠯ ᠲᠠᠮᠢᠷ ᠤᠨ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠢᠭᠲᠠ ᠲᠦᠷᠭᠡᠪᠴᠢᠯᠡᠨ ᠰᠠᠶᠢᠲᠤᠷ ᠠᠳᠬᠤᠪᠠ
ᠨᠡᠶᠢᠲᠡᠯᠡᠭᠰᠡᠨ ᠴᠠᠭ᠄
2022/3/1
        ᠬᠤᠩᠱᠠᠨ ᠲᠤᠭᠤᠷᠢᠭ ᠰᠤᠶᠤᠯ ᠵᠢᠭᠤᠯᠴᠢᠯᠠᠯ ᠲᠠᠮᠢᠷ ᠤᠨ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠢᠭᠲᠠ ᠲᠦᠷᠭᠡᠪᠴᠢᠯᠡᠨ ᠰᠠᠶᠢᠲᠤᠷ ᠠᠳᠬᠤᠪᠠ᠃        ᠨᠢᠭᠡ ᠳᠤ᠂ ᠰᠤᠶᠤᠯ ᠵᠢᠭᠤᠯᠴᠢᠯᠠᠯ ᠲᠠᠮᠢᠷ ᠤᠨ ᠠᠵᠤ ᠦᠢᠯᠡᠰ ᠤᠨ ᠡᠯ᠎ᠡ ᠡᠵᠡᠩᠨᠡᠯᠲᠡ ᠶᠢᠨ ᠨᠢᠭᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠯᠲᠡ ᠶᠢᠨ ᠠᠵᠢᠯ ᠢ ᠪᠦᠬᠦ ᠲᠠᠯ᠎ᠠ ᠪᠠᠷ ᠰᠢᠭᠰᠢᠨ ᠪᠠᠶᠢᠴᠠᠭᠠᠵᠤ᠂ ᠰᠡᠷᠬᠡᠶᠢᠯᠡᠨ ᠡᠵᠡᠮᠳᠡᠯᠲᠡ ᠶᠢᠨ ᠲᠤᠲᠠᠭᠤᠳᠠᠯ᠂ ᠬᠦᠷᠦᠯᠴᠡᠬᠦ ᠦᠭᠡᠢ ᠲᠠᠯ᠎ᠠ ᠶᠢ ᠨᠦᠬᠦᠪᠦᠷᠢᠯᠡᠨ ︽ᠬᠠᠯᠳᠠᠪᠤᠷᠢᠯᠠᠯᠲᠠ ᠲᠠᠷᠬᠠᠯᠲᠠ ᠲᠡᠭ ᠪᠣᠯᠬᠤ︾ ᠶᠢ ᠪᠠᠲᠤᠯᠠᠪᠠ᠃        ᠬᠤᠶᠠᠷ ᠲᠤ᠂ ᠪᠦᠬᠦ ᠲᠤᠭᠤᠷᠢᠭ ᠤᠨ ᠡᠯ᠎ᠡ ᠲᠦᠷᠦᠯ ᠤᠨ ᠲᠤᠮᠤ ᠬᠡᠯᠪᠡᠷᠢ ᠶᠢᠨ ᠰᠤᠶᠤᠯ ᠲᠠᠮᠢᠷ ᠤᠨ ᠠᠵᠢᠯᠯᠠᠭᠠᠨ ᠢ ︽ᠡᠷᠬᠡᠪᠰᠢ ᠬᠢᠬᠦ ᠴᠢᠬᠤᠯᠠ ᠦᠭᠡᠢ ᠪᠣᠯ ᠡᠷᠬᠢᠯᠡᠬᠦ ᠦᠭᠡᠢ︾ ᠪᠠᠶᠢᠬᠤ ᠶᠢ ᠪᠠᠷᠢᠮᠲᠠᠯᠠᠨ᠂ ᠡᠷᠬᠡᠪᠰᠢ ᠶᠠᠪᠤᠭᠳᠠᠭᠤᠯᠬᠤ ᠴᠢᠬᠤᠯᠠᠲᠠᠢ ᠠᠵᠢᠯᠯᠠᠭᠠᠨ ᠢ ︽ᠬᠡᠨ ᠡᠷᠬᠢᠯᠡᠪᠡᠯ ᠬᠡᠨ ᠬᠠᠷᠢᠭᠤᠴᠠᠵᠤ᠂ ᠬᠡᠨ ᠵᠣᠬᠢᠶᠠᠨ ᠪᠠᠶᠢᠭᠤᠯᠪᠠᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠬᠡᠯᠲᠡᠰ ᠵᠡᠷᠭᠡ ᠰᠠᠯᠠᠭ᠎ᠠ ᠮᠦᠴᠢᠷ ᠲᠤ ᠠᠵᠢᠯᠯᠠᠭᠠᠨ ᠢᠶᠠᠨ ᠪᠦᠷᠢᠳᠬᠡᠨ ᠳᠠᠩᠰᠠᠯᠠᠭᠤᠯᠬᠤ ᠬᠡᠷᠡᠭᠲᠡᠢ᠃        ᠭᠤᠷᠪᠠ ᠳᠤ᠂ ᠪᠠᠴᠢᠮ ᠢ ᠠᠷᠭᠠᠴᠠᠬᠤ ᠵᠢᠵᠢᠭᠦᠷᠯᠡᠬᠦ ᠶᠢ ᠴᠢᠩᠭᠠᠳᠬᠠᠨ᠂ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠪᠠ 24 ᠴᠠᠭ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠮᠡᠭᠡ ᠨᠡᠪᠲᠡᠷᠡᠯᠭᠡ ᠶᠢᠨ ᠢᠯᠭᠤᠮ ᠨᠡᠪᠲᠡᠷᠡᠬᠦ ᠶᠢ ᠪᠠᠲᠤᠯᠠᠪᠠ᠃        ᠳᠦᠷᠪᠡ ᠳᠤ᠂ ᠪᠠᠶᠢᠴᠠᠭᠠᠯᠲᠠ ᠦᠷᠨᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃        ᠣᠳᠤ ᠪᠤᠯᠲᠠᠯ᠎ᠠ ᠨᠡᠶᠢᠲᠡ 28 ᠰᠤᠶᠤᠯ ᠲᠠᠮᠢᠷ ᠵᠢᠭᠤᠯᠴᠢᠯᠠᠯ ᠤᠨ ᠠᠵᠤ ᠦᠢᠯᠡᠰ ᠤᠨ ᠡᠵᠡᠩᠨᠡᠯᠲᠡ ᠶᠢᠨ ᠪᠠᠶᠢᠭᠤᠯᠭ᠎ᠠ ᠶᠢ ᠪᠠᠶᠢᠴᠠᠭᠠᠪᠠ᠃ ᠳᠠᠷᠠᠭ᠎ᠠ ᠠᠯᠬᠤᠮ ᠳᠤ ᠦᠷᠭᠦᠯᠵᠢᠯᠡᠨ ᠪᠠᠶᠢᠴᠠᠭᠠᠯᠲᠠ ᠶᠢᠨ ᠬᠦᠴᠦᠯᠡᠴᠡ ᠪᠠᠨ ᠨᠡᠮᠡᠭᠳᠡᠭᠦᠯᠦᠨ᠂ ᠰᠡᠷᠭᠡᠶᠢᠯᠡᠨ ᠡᠵᠡᠮᠳᠡᠯᠲᠡ ᠶᠢᠨ ᠠᠵᠢᠯ ᠢ ᠬᠦᠩᠬᠡᠪᠴᠢᠯᠡᠳᠡᠭ᠂ ᠠᠶᠦᠯᠭᠦᠢ ᠶᠢᠨ ᠭᠡᠮ ᠰᠤᠭᠤᠭ ᠲᠠᠢ ᠡᠵᠡᠩᠨᠡᠯᠲᠡ ᠶᠢᠨ ᠲᠠᠯᠠᠪᠤᠷ ᠢ ᠵᠠᠷᠯᠢᠭᠲᠠᠨ ᠠᠵᠢᠯ ᠵᠤᠭᠰᠤᠭᠠᠨ ᠴᠡᠭᠴᠡᠯᠡᠵᠦ᠂ ᠰᠤᠶᠤᠯ ᠵᠢᠭᠤᠯᠴᠢᠯᠠᠯ ᠤᠨ ᠬᠢᠵᠢᠭ ᠤᠨ ᠰᠡᠷᠭᠡᠶᠢᠯᠡᠨ ᠡᠵᠡᠮᠳᠡᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号