ᠬᠤᠩᠱᠠᠨ ᠲᠣᠭᠤᠷᠢᠭ ᠲᠠᠷᠢᠶᠠᠯᠠᠩ ᠤᠨ ᠴᠠᠭ ᠢ ᠠᠮᠵᠢᠨ ᠲᠠᠷᠢᠶᠠᠯᠠᠭ᠎ᠠ ᠶᠢᠨ ᠠᠵᠢᠯ ᠢᠶᠠᠨ ᠠᠮᠵᠢᠭᠤᠯᠪᠠ
ᠨᠡᠶᠢᠲᠡᠯᠡᠭᠰᠡᠨ ᠴᠠᠭ᠄
2022/3/16
        ᠬᠤᠩᠱᠠᠨ ᠲᠣᠭᠤᠷᠢᠭ ᠲᠦᠪ ᠤᠨ ᠨᠢᠭᠡᠳᠦᠭᠡᠷ ᠲᠤᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠭᠤᠣᠯ ᠱᠤᠭᠤᠮ ᠪᠣᠯᠭᠠᠨ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠬᠤᠩᠱᠠᠨ ᠲᠣᠭᠤᠷᠢᠭ ᠤᠨ ᠲᠤᠭᠲᠠᠭᠠᠭᠰᠠᠨ ᠦᠨᠳᠦᠷ ᠪᠠᠷᠢᠮᠵᠢᠶᠠᠲᠤ ᠤᠰᠤᠨ ᠲᠦᠪᠰᠢᠨ ᠤ ᠱᠠᠲᠤᠨ ᠲᠠᠷᠢᠶ᠎ᠠ ᠶᠢᠨ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ︵2021- 2025︶ ᠶᠢᠨ ᠬᠠᠷᠠᠯᠲᠠ ᠡᠭᠦᠷᠭᠡ ᠲᠠᠢ ᠤᠶᠠᠯᠳᠤᠭᠤᠯᠤᠨ᠂ ᠡᠷᠲᠡᠬᠡᠨ ᠲᠦᠯᠦᠪᠵᠢᠭᠦᠯᠵᠦ᠂ ᠡᠷᠲᠡᠬᠡᠨ ᠲᠤᠬᠢᠷᠠᠭᠤᠯᠤᠨ ᠪᠠᠶᠢᠷᠢᠯᠠᠭᠤᠯᠵᠤ᠂ ᠬᠠᠪᠤᠷ ᠤᠨ ᠲᠠᠷᠢᠶᠠᠯᠠᠭ᠎ᠠ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠰᠠᠶᠢᠲᠤᠷ ᠬᠢᠵᠦ᠂ ᠪᠦᠬᠦ ᠵᠢᠯ ᠤᠨ ᠲᠠᠷᠢᠶᠠᠯᠠᠩ ᠦᠢᠯᠡᠳᠪᠦᠷᠢᠯᠡᠯ ᠤᠨ ︽ᠰᠠᠶᠢᠨ ᠡᠬᠢᠯᠡᠯᠲᠡ ᠢᠯᠭᠤᠭᠰᠠᠨ ᠠᠮᠵᠢᠯᠲᠠ︾ ᠶᠢ ᠬᠦᠴᠦᠯᠡᠨ ᠪᠡᠶᠡᠯᠡᠭᠦᠯᠬᠦ ᠬᠡᠷᠡᠭᠲᠡᠢ᠃        ᠨᠢᠭᠡ ᠳᠤ᠂ ︽ᠭᠤᠷᠪᠠᠨ ᠪᠠᠶᠢᠷᠢ ᠨᠢᠭᠡ ᠴᠤᠭᠴᠠ︾ ᠶᠢᠨ ᠲᠤᠰᠬᠤᠨ ᠤ ᠳᠡᠰ ᠤᠨ ᠬᠠᠩᠭᠠᠨ ᠪᠤᠷᠤᠯᠠᠭᠤᠯᠭ᠎ᠠ ᠶᠢᠨ ᠬᠤᠷᠰᠢᠶᠠᠵᠢᠯ ᠤᠨ ᠵᠤᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠤᠰᠬᠤᠨ ᠤ ᠲᠠᠷᠢᠶᠠᠴᠢᠨ ᠡᠷᠦᠬᠡ ᠳᠤ ᠲᠠᠷᠢᠶᠠᠯᠠᠭ᠎ᠠ ᠶᠢᠨ ᠪᠡᠯᠡ ᠮᠦᠩᠭᠦ ᠰᠢᠭᠤᠳ ᠬᠠᠩᠭᠠᠬᠤ ᠦᠢᠯᠡᠴᠢᠯᠡᠭᠡ  ᠶᠢ ᠦᠷᠨᠢᠭᠦᠯᠦᠨ᠂ ᠭᠡᠷ ᠠᠴᠠ ᠪᠠᠨ ᠭᠠᠷᠬᠤ ᠦᠭᠡᠢ ᠪᠠᠷ ᠴᠢᠨᠠᠷ ᠤᠨ ᠪᠠᠲᠤᠯᠠᠭ᠎ᠠ ᠲᠠᠢ᠂ ᠢᠵᠢᠯ ᠬᠤᠭᠤᠴᠠᠭᠠᠨ ᠤ ᠵᠠᠬ᠎ᠠ ᠳᠡᠯᠭᠡᠭᠦᠷ ᠤᠨ ᠪᠤᠷᠤᠯᠠᠭᠤᠯᠬᠤ ᠬᠠᠩᠰᠢ ᠠᠴᠠ ᠳᠤᠤᠷ᠎ᠠ ᠦᠨ᠎ᠡ ᠪᠠᠷ ᠲᠠᠷᠢᠶᠠᠯᠠᠭ᠎ᠠ ᠶᠢᠨ ᠡᠳ᠋ ᠪᠤᠳᠠᠰ ᠬᠤᠳᠠᠯᠳᠤᠨ ᠠᠪᠤᠪᠠ᠃        ᠬᠤᠶᠠᠷ ᠲᠤ᠂ ᠡᠯ᠎ᠡ ᠲᠤᠰᠬᠤᠨ ᠬᠠᠪᠤᠷ ᠤᠨ ᠲᠠᠷᠢᠶᠠᠯᠠᠭ᠎ᠠ ᠳᠤ ᠬᠡᠷᠡᠭᠰᠡᠬᠦ ᠲᠠᠷᠢᠶᠠᠯᠠᠩ ᠤᠨ ᠨᠡᠶᠢᠯᠡᠮᠡᠯ ᠪᠤᠷᠳᠤᠭ᠎ᠠ᠂ ᠤᠭᠰᠠᠷᠠᠵᠤ ᠪᠠᠭᠤᠯᠭᠠᠵᠤ ᠪᠣᠯᠬᠤ ᠭᠠᠵᠠᠷ ᠤᠨ ᠪᠦᠷᠬᠦᠪᠴᠢ ᠵᠢᠴᠢ ᠲᠤᠰᠤᠯᠭᠠᠨ ᠤᠰᠤᠯᠠᠬᠤ ᠵᠡᠷᠭᠡ ᠦᠢᠯᠡᠳᠪᠦᠷᠢᠯᠡᠯ ᠤᠨ ᠮᠠᠲ᠋ᠧᠷᠢᠶᠠᠯ ᠤᠨ ᠪᠤᠳᠠᠲᠠᠢ ᠬᠡᠷᠡᠭᠰᠡᠬᠦ ᠲᠤᠭ᠎ᠠ ᠬᠡᠮᠵᠢᠶ᠎ᠡ᠂ ᠬᠡᠪ ᠪᠠᠷᠢᠮᠵᠢᠶ᠎ᠠ ᠶᠢ ᠨᠠᠷᠢᠯᠢᠭ ᠤᠶᠢᠯᠠᠭᠠᠵᠤ᠂ ᠲᠤᠭᠤᠷᠢᠭ ᠤᠨ ᠬᠠᠩᠭᠠᠨ ᠪᠤᠷᠤᠯᠠᠭᠤᠯᠬᠤ ᠬᠤᠷᠰᠢᠶᠠᠵᠢᠯ ᠪᠠ ᠪᠢᠷᠠᠭᠤ ᠪᠠᠯᠭᠠᠰᠤᠨ ᠤ ᠲᠠᠷᠢᠶᠠᠯᠠᠩ ᠤᠨ ᠬᠦᠭᠵᠢᠭᠦᠯᠦᠯᠲᠡ ᠶᠢᠨ ᠬᠤᠷᠰᠢᠭᠰᠠᠨ ᠬᠤᠯᠪᠤᠭᠠᠲᠤ ᠬᠤᠷᠠᠯ ᠲᠠᠢ ᠬᠠᠮᠲᠤᠷᠠᠨ ᠲᠠᠷᠢᠵᠤ ᠤᠶᠢᠵᠢᠭᠤᠯᠬᠤ ᠲᠤᠮᠤ ᠡᠷᠦᠬᠡ  ᠳᠤ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠡᠯ᠎ᠡ ᠲᠤᠰᠬᠤᠨ ᠤ ᠦᠢᠯᠡᠳᠪᠦᠷᠢᠯᠡᠯ ᠤᠨ ᠤᠯᠠᠮ ᠨᠢᠭᠡ ᠠᠯᠬᠤᠮ ᠦᠨ᠎ᠡ ᠬᠠᠩᠰᠢ ᠪᠠᠨ ᠪᠠᠭᠤᠷᠠᠭᠤᠯᠬᠤ᠂ ᠴᠢᠨᠠᠷ ᠢ ᠪᠠᠲᠤᠯᠠᠬᠤ᠂ ᠪᠤᠷᠤᠯᠠᠭᠤᠯᠭ᠎ᠠ ᠶᠢ ᠦᠷᠭᠡᠳᠬᠡᠬᠦ ᠳᠤ ᠰᠢᠨ᠎ᠡ ᠰᠡᠳᠬᠢᠮᠵᠢ ᠪᠠ ᠵᠠᠮ ᠬᠠᠩᠭᠠᠪᠠ᠃        ᠭᠤᠷᠪᠠ ᠳᠤ᠂ ᠲᠠᠷᠢᠵᠤ ᠪᠤᠶᠢᠵᠢᠭᠤᠯᠬᠤ ᠴᠢᠳᠠᠪᠤᠷᠢᠲᠠᠨ ᠢ ᠬᠦᠮᠦᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠯᠠᠩ ᠤᠨ ᠰᠢᠨᠵᠢᠯᠡᠭᠡ ᠲᠧᠨᠢᠭᠵᠢᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠴᠢᠳᠠᠪᠤᠷᠢᠲᠠᠨ  ᠢ ᠨᠡᠪᠴᠢᠭᠦᠯᠬᠦ ᠲᠦᠪ ᠲᠤ ᠲᠦᠰᠢᠭᠯᠡᠵᠦ᠂ ︽ᠲᠠᠷᠢᠶᠠᠯᠠᠩ ᠤᠨ ᠮᠡᠷᠭᠡᠵᠢᠯ ᠢ ᠴᠡᠨᠡᠭᠯᠡᠬᠦ ᠰᠠᠷ᠎ᠠ︾ ᠶᠢᠨ ᠠᠵᠢᠯᠯᠠᠭᠠᠨ ᠢ ᠵᠤᠬᠢᠶᠠᠨ ᠪᠠᠶᠢᠭᠤᠯᠵᠤ ᠦᠷᠨᠢᠭᠦᠯᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号