ᠬᠤᠩᠱᠠᠨ ᠲᠤᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠡᠷᠴᠢᠮᠲᠠᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2022/3/17
        2022 ᠤᠨ ᠤ ᠬᠤᠩᠱᠠᠨ ᠲᠣᠭᠤᠷᠢᠭ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠠᠯᠠᠪᠠᠢ 19.3 ᠲᠦᠮᠡᠨ ᠮᠤ᠋᠂ ᠠᠮᠤ ᠪᠤᠳᠠᠭᠠᠨ ᠤ ᠭᠠᠷᠤᠯᠲᠠ 1 ᠳ᠋ᠦᠩᠰᠢᠭᠤᠷ ᠤᠨ ᠪᠠᠷᠢᠮᠵᠢᠶ᠎ᠠ ᠶᠤᠰᠤᠭᠠᠷ᠂ ᠲᠠᠷᠢᠶᠠᠯᠠᠭ᠎ᠠ ᠶᠢᠨ ᠪᠡᠯᠡ ᠨᠦᠭᠡᠴᠡ ᠵᠢᠴᠢ ᠲᠠᠷᠢᠶᠠᠯᠠᠭ᠎ᠠ ᠶᠢᠨ ᠮᠡᠷᠭᠡᠵᠢᠯ ᠤᠨ ᠪᠤᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠵᠦ᠂ ᠬᠠᠪᠤᠷ ᠤᠨ ᠲᠠᠷᠢᠶᠠᠯᠠᠭ᠎ᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠱᠠᠭᠠᠷᠳᠠᠯᠭ᠎ᠠ ᠶᠢ ᠪᠠᠲᠤᠯᠠᠪᠠ᠃ ᠣᠳᠤᠬᠠᠨ ᠪᠤᠯᠲᠠᠯ᠎ᠠ ᠮᠠᠨ ᠤ ᠲᠣᠭᠤᠷᠢᠭ ᠤᠨ ᠲᠠᠷᠢᠶᠠᠨ ᠦᠷ᠎ᠡ ᠶᠢᠨ ᠨᠦᠭᠡᠴᠡ 400 ᠲᠤᠨ ︵ᠭᠤᠣᠯ ᠪᠣᠯᠬᠤ ᠲᠠᠷᠢᠮᠠᠯ ᠨᠢ ᠡᠷᠳᠡᠨᠢ ᠰᠢᠰᠢ 250 ᠲᠤᠨ᠂  ᠰᠢᠷ᠎ᠠ ᠪᠤᠷᠴᠠᠭ 100 ᠲᠤᠨ︶᠂  ᠬᠢᠮᠢ ᠶᠢᠨ ᠪᠤᠷᠳᠤᠭᠤᠷ 2.05 ᠲᠤᠨ᠂ ᠲᠠᠷᠢᠶᠠᠨ ᠡᠮ 32 ᠲᠤᠨ᠂ ᠪᠠᠶᠢᠴᠠᠭᠠᠨ ᠵᠠᠰᠠᠵᠤ ᠪᠠᠷᠠᠭᠰᠠᠨ ᠲᠠᠷᠢᠶᠠᠯᠠᠩ ᠤᠨ ᠮᠠᠰᠢᠨ ᠬᠡᠷᠡᠭᠰᠡᠯ 580 ᠪᠠᠶᠢᠵᠤ᠂  ᠲᠠᠷᠢᠵᠤ ᠪᠤᠶᠢᠵᠢᠭᠤᠯᠬᠤ ᠮᠡᠷᠭᠡᠵᠢᠯ᠂ ᠬᠢᠮᠢ ᠶᠢᠨ ᠪᠤᠷᠳᠤᠭᠤᠷ ᠬᠡᠷᠡᠭᠯᠡᠬᠦ ᠮᠡᠷᠭᠡᠵᠢᠯ ᠤᠨ ᠪᠤᠯᠪᠠᠰᠤᠷᠠᠭᠤᠯᠤᠯ ᠢ 5 ᠬᠤᠭᠤᠴᠠᠭ᠎ᠠ ᠵᠤᠬᠢᠶᠠᠨ ᠪᠠᠶᠢᠭᠤᠯᠵᠤ ᠦᠷᠨᠢᠭᠦᠯᠦᠨ᠂  ᠪᠤᠯᠪᠠᠰᠤᠷᠠᠯ ᠬᠦᠷᠲᠡᠭᠰᠡᠳ ᠨᠡᠶᠢᠲᠡ 328 ᠬᠦᠮᠦᠨ ᠤᠳᠠᠭ᠎ᠠ ᠳᠤ ᠬᠦᠷᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号