ᠬᠤᠩᠱᠠᠨ ᠲᠤᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ︽ᠬᠦᠮᠦᠡᠯᠢᠭ︾ ᠪᠠᠶᠢᠳᠠᠭ
ᠨᠡᠶᠢᠲᠡᠯᠡᠭᠰᠡᠨ ᠴᠠᠭ᠄
2022/3/18
        ᠬᠤᠩᠱᠠᠨ ᠲᠤᠭᠤᠷᠢᠭ ᠬᠠᠤᠯᠢ ᠴᠠᠭᠠᠵᠠ ᠶᠢᠨ ᠲᠤᠰᠠᠯᠠᠮᠵᠢ ᠶᠢᠨ ᠠᠷᠠᠳ ᠲᠤ ᠠᠰᠢᠭ ᠬᠦᠷᠲᠡᠭᠡᠬᠦ᠂ ᠡᠶ᠎ᠡ ᠵᠤᠬᠢᠴᠠᠯ ᠢ ᠠᠬᠢᠭᠤᠯᠬᠤ᠂ ᠲᠤᠭᠲᠠᠭᠤᠨ ᠢ ᠪᠠᠲᠤᠯᠠᠬᠤ ᠡᠭᠦᠷᠭᠡ ᠦᠢᠯᠡᠳᠦᠯ ᠢ ᠭᠦᠢᠴᠡᠳ ᠪᠠᠳᠠᠷᠠᠭᠤᠯᠤᠨ᠂ ︽ᠲᠤᠰᠠᠯᠠᠵᠤ ᠳᠡᠶᠢᠯᠬᠦ ᠶᠢᠨ ᠴᠢᠨᠡᠭᠡ ᠪᠠᠷ ᠲᠤᠰᠠᠯᠠᠨ᠂ ᠰᠢᠯᠢᠳᠡᠭ ᠮᠦᠷᠲᠡᠭᠡᠨ ᠳᠠᠷᠤᠶᠢᠬᠠᠨ ᠲᠤᠰᠠᠯᠠᠬᠤ︾ ᠵᠠᠷᠴᠢᠮ ᠢ ᠪᠠᠷᠢᠮᠲᠠᠯᠠᠵᠤ᠂ ᠠᠷᠠᠳ ᠤᠯᠠᠨ ᠳᠤ ᠡᠷᠬᠡ ᠲᠡᠭᠰᠢ ᠨᠠᠷᠢᠯᠢᠭ ᠤᠨᠤᠪᠴᠢᠲᠠᠢ᠂ ᠴᠢᠨᠰᠠᠭ᠎ᠠ ᠰᠠᠶᠢᠲᠠᠢ ᠦᠷ᠎ᠡ ᠪᠦᠲᠦᠮᠵᠢᠲᠦ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠶᠢ ᠴᠢᠷᠮᠠᠶᠢᠨ ᠬᠠᠩᠭᠠᠵᠤ᠂ ᠠᠷᠠᠳ ᠤᠯᠠᠨ ᠤ ᠬᠦᠷᠲᠡᠭᠡᠮᠵᠢᠲᠦ ᠲᠦᠷᠦᠭᠳᠡᠯ᠂ ᠵᠤᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃        ᠨᠢᠭᠡ ᠳᠤ᠂ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠤᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠦᠪ ᠪᠠ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠤᠩᠬᠤ ᠪᠠᠶᠢᠭᠤᠯᠬᠤ ᠪᠠᠷ ᠳᠠᠮᠵᠢᠨ᠂ ᠬᠠᠤᠯᠢᠴᠢ᠂ ᠬᠠᠤᠯᠢ ᠴᠠᠭᠠᠵᠠ ᠶᠢᠨ ᠠᠵᠢᠯᠲᠠᠨ ᠤ ᠡᠭᠡᠯᠵᠢ  ᠶᠢᠨ ᠵᠢᠵᠢᠭᠦᠷ ᠲᠤᠬᠢᠷᠠᠭᠤᠯᠵᠤ᠂ ᠰᠤᠷᠪᠤᠯᠵᠢᠯᠠᠨ ᠢᠷᠡᠭᠰᠡᠨ ᠠᠷᠠᠳ ᠤᠯᠠᠨ ᠤ ᠬᠠᠤᠯᠢ ᠴᠠᠭᠠᠵᠠ ᠶᠢᠨ ᠠᠰᠠᠭᠤᠨ ᠯᠠᠪᠯᠠᠯᠲᠠ ᠶᠢ ᠬᠦᠯᠢᠶᠡᠨ ᠠᠪᠴᠤ ᠲᠠᠶᠢᠯᠪᠤᠷᠢᠯᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠬᠦᠯᠢᠶᠡᠨ ᠰᠢᠢᠳᠪᠦᠷᠢᠯᠡᠬᠦ᠂ ᠬᠢᠨᠠᠨ ᠵᠦᠪᠰᠢᠶᠡᠷᠡᠯ ᠵᠡᠷᠭᠡ ᠠᠯᠬᠤᠮ ᠳᠠᠷᠠᠭ᠎ᠠ ᠶᠢ ᠰᠢᠯᠢᠳᠡᠭᠵᠢᠭᠦᠯᠵᠦ᠂ ᠤᠯᠠᠨ ᠲᠦᠮᠡᠨ ᠢ ᠵᠢᠯᠤᠭᠤᠳᠤᠨ ᠬᠠᠤᠯᠢ ᠳᠤ ᠨᠡᠶᠢᠴᠡᠭᠰᠡᠨ ᠠᠷᠭ᠎ᠠ ᠵᠠᠮ ᠢᠶᠠᠷ ᠬᠦᠰᠡᠯ ᠱᠠᠭᠠᠷᠳᠠᠯᠭ᠎ᠠ ᠪᠠᠨ ᠰᠢᠢᠳᠪᠦᠷᠢᠯᠡᠬᠦ ᠪᠤᠯᠭᠠᠪᠠ᠃        ᠬᠤᠶᠠᠷ ᠲᠤ᠂ ᠲᠠᠷᠢᠶᠠᠴᠢᠨ ᠠᠵᠢᠯᠲᠠᠨ ᠤ ᠡᠷᠬᠡ ᠪᠠᠨ ᠬᠠᠮᠠᠭᠠᠯᠠᠬᠤ ᠴᠤᠩᠬᠤ ᠲᠤᠬᠢᠷᠠᠭᠤᠯᠵᠤ᠂ ᠨᠦᠬᠦᠴᠡᠯ  ᠳᠤ ᠨᠡᠶᠢᠴᠡᠭᠰᠡᠨ ᠲᠠᠷᠢᠶᠠᠴᠢᠨ ᠠᠵᠢᠯᠲᠠᠨ ᠤ ᠡᠷᠬᠡ ᠪᠠᠨ ᠬᠠᠮᠠᠭᠠᠯᠠᠬᠤ ︵ᠬᠡᠷᠡᠭ︶   ᠶᠢ ᠳᠦᠭᠦᠮ ᠠᠯᠬᠤᠮ ᠢᠶᠠᠷ ᠳᠠᠷᠤᠢ ᠲᠦᠷᠭᠡᠨ ᠰᠢᠢᠳᠪᠦᠷᠢᠯᠡᠪᠡ᠃        ᠭᠤᠷᠪᠠ ᠳᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ  ᠶᠢ ᠡᠭᠦᠳᠴᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠦᠴᠢᠷᠲᠡᠯᠲᠡᠢ ᠤᠯᠠᠨ ᠲᠦᠮᠡᠨ ᠳᠤ ᠬᠤᠲᠠ ᠬᠦᠳᠡᠭᠡ ᠶᠢ ᠬᠠᠮᠤᠷᠤᠭᠰᠠᠨ᠂ ᠳᠦᠭᠦᠮ ᠮᠦᠷᠲᠡᠭᠡᠨ ᠪᠦᠲᠦᠮᠵᠢᠲᠠᠢ ᠬᠠᠤᠯᠢ ᠴᠠᠭᠠᠵᠠ  ᠶᠢᠨ ᠦᠢᠯᠡᠴᠢᠯᠡᠭᠡ ᠬᠠᠩᠭᠠᠪᠠ᠃ 2021 ᠤᠨ ᠳᠤ ᠬᠤᠩᠱᠠᠨ ᠲᠤᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ  ᠶᠢᠨ ᠲᠦᠪ ᠨᠡᠶᠢᠲᠡ 268 ᠡᠯ᠎ᠡ ᠲᠦᠷᠦᠯ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠬᠦᠯᠢᠶᠡᠨ ᠰᠢᠢᠳᠪᠦᠷᠢᠯᠡᠵᠦ᠂ 1129 ᠬᠦᠮᠦᠨ ᠤᠳᠠᠭᠠᠨ ᠤ ᠬᠠᠤᠯᠢ ᠴᠠᠭᠠᠵᠠ ᠶᠢᠨ ᠠᠰᠠᠭᠤᠨ ᠯᠠᠪᠯᠠᠯᠲᠠ ᠶᠢ ᠬᠦᠯᠢᠶᠡᠨ ᠰᠢᠢᠳᠪᠦᠷᠢᠯᠡᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号