ᠬᠤᠩᠱᠠᠨ ᠲᠤᠭᠤᠷᠢᠭ ᠪᠦᠬᠦ ᠲᠤᠭᠤᠷᠢᠭ ᠤᠨ ᠺᠠᠳ᠋ᠷ ᠤᠨ ᠶᠡᠭᠡ ᠬᠤᠷᠠᠯ ᠬᠤᠷᠠᠯᠳᠤᠭᠤᠯᠵᠤ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2022/3/3
       ᠬᠤᠩᠱᠠᠨ ᠲᠤᠭᠤᠷᠢᠭ ᠪᠦᠬᠦ ᠲᠤᠭᠤᠷᠢᠭ ᠤᠨ ᠺᠠᠳ᠋ᠷ ᠤᠨ ᠶᠡᠭᠡ ᠬᠤᠷᠠᠯ ᠬᠤᠷᠠᠯᠳᠤᠭᠤᠯᠵᠤ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠦᠬᠦ ᠲᠤᠭᠤᠷᠢᠭ ᠢᠶᠠᠷ ᠢᠶᠠᠨ ᠲᠠᠨᠢᠯᠲᠠ  ᠪᠠᠨ ᠳᠡᠭᠡᠭᠰᠢᠯᠡᠭᠦᠯᠵᠦ ᠳᠠᠷᠤᠶᠢᠬᠠᠨ ᠬᠦᠳᠡᠯᠦᠯᠴᠡᠵᠦ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠤᠷᠤᠰᠬᠠᠯ ᠢ ᠪᠤᠢ ᠪᠣᠯᠭᠠᠨ᠂ ᠬᠤᠲᠠ ᠶᠢᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠬᠤᠩᠱᠠᠨ ᠲᠤᠭᠤᠷᠢᠭ ᠤᠨ ᠪᠤᠳᠠᠲᠠᠢ  ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃        ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ ᠬᠤᠷᠠᠯ ᠢ ᠡᠷᠬᠢᠯᠡᠵᠦ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠵᠣᠣ ᠯᠠᠨ ᠭᠤᠸᠠᠩ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠣᠣ ᠴᠢ ᠨᠦᠬᠦᠷ ᠤᠨ ᠬᠤᠩᠱᠠᠨ ᠲᠣᠭᠤᠷᠢᠭ ᠤᠨ ᠲᠦᠯᠦᠭᠡᠯᠡᠭᠴᠢᠳ ᠤᠨ ᠪᠦᠯᠬᠦᠮ ᠤᠨ ᠵᠦᠪᠯᠡᠬᠦ ᠳᠤ ᠤᠷᠤᠯᠴᠠᠬᠤ  ᠳᠠᠭᠠᠨ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ ᠪᠠ ᠬᠤᠲᠠ ᠶᠢᠨ ᠵᠠᠰᠠᠭ ᠤᠨ ᠣᠷᠳᠤᠨ ᠤ ᠠᠵᠢᠯ ᠤᠨ ᠮᠡᠳᠡᠭᠦᠯᠦᠯᠲᠡ ᠶᠢᠨ ᠵᠤᠷᠢᠭ ᠰᠠᠨᠠᠭ᠎ᠠ ᠶᠢ ᠤᠯᠠᠮᠵᠢᠯᠠᠵᠤ᠂  ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠶᠠ ᠵᠢᠶᠦ᠋ᠨ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ᠂ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠱᠢ ᠭᠤᠸᠠᠩ ᠬᠠᠢ ᠤᠯᠤᠰ ᠲᠦᠷᠦ ᠶᠢᠨ ᠵᠦᠪᠯᠡᠯᠭᠡᠨ ᠤ ᠤᠯᠠᠭᠠᠨᠬᠠᠳᠠ ᠬᠤᠲᠠ ᠶᠢᠨ ᠨᠠᠢᠮᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠤᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠤᠯᠠᠮᠵᠢᠯᠠᠪᠠ᠃        ᠬᠤᠷᠠᠯ ᠠᠴᠠ ᠵᠢᠭᠠᠨ ᠭᠠᠷᠭᠠᠭᠰᠠᠨ ᠨᠢ ᠪᠦᠬᠦ ᠲᠤᠭᠤᠷᠢᠭ ᠢᠶᠠᠷ ᠢᠶᠠᠨ ᠡᠷᠬᠡᠪᠰᠢ ᠤᠯᠤᠰ ᠲᠦᠷᠦ ᠶᠢᠨ ᠵᠤᠭᠰᠤᠴᠠ ᠪᠠᠨ ᠦᠨᠳᠦᠷᠵᠢᠭᠦᠯᠦᠨ᠂ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭᠠᠨ ᠤ ᠮᠦᠨ ᠴᠢᠨᠠᠷ ᠢ ᠭᠦᠨᠵᠡᠭᠡᠢ ᠤᠶᠢᠯᠠᠭᠠᠵᠤ᠂ ᠪᠦᠬᠦ ᠲᠤᠭᠤᠷᠢᠭ ᠢᠶᠠᠷ ᠢᠶᠠᠨ ᠰᠤᠷᠤᠯᠴᠠᠨ ᠤᠬᠠᠭᠤᠯᠵᠤ ᠨᠠᠶᠢᠳᠠᠪᠤᠷᠢᠵᠢᠭᠤᠯᠬᠤ ᠬᠠᠯᠠᠮᠰᠢᠯ ᠢ ᠪᠤᠢ ᠪᠣᠯᠭᠠᠨ᠂ ᠰᠤᠷᠤᠯᠴᠠᠯᠭ᠎ᠠ ᠶᠢ ᠡᠯ᠎ᠡ ᠬᠦᠷᠢᠶ᠎ᠡ ᠬᠡᠪᠴᠢᠶ᠎ᠡ ᠡᠯ᠎ᠡ ᠠᠵᠢᠯ ᠦᠢᠯᠡᠰ ᠲᠤ ᠵᠢᠪ ᠵᠢᠩᠬᠢᠨᠢ ᠬᠦᠷᠭᠡᠵᠦ ᠪᠦᠬᠦᠨ ᠢ ᠪᠦᠷᠬᠦᠭᠦᠯᠬᠦ ᠬᠡᠷᠡᠭᠲᠡᠢ᠂ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠠᠶᠢᠯ ᠡᠷᠦᠬᠡ ᠪᠣᠯᠭᠠᠨ ᠳᠤ ᠬᠦᠷᠭᠡᠨ ᠤᠯᠠᠨ ᠤ ᠰᠡᠳᠬᠢᠯ ᠳᠤ᠂ ᠠᠷᠠᠳ ᠤᠨ ᠳᠤᠮᠳᠠ ᠭᠦᠨᠵᠡᠭᠡᠶᠢᠷᠡᠭᠦᠯᠬᠦ ᠬᠡᠷᠡᠭᠲᠡᠢ᠃ ᠡᠯ᠎ᠡ ᠭᠠᠵᠠᠷ ᠣᠷᠤᠨ ᠡᠯ᠎ᠡ ᠰᠠᠯᠠᠭ᠎ᠠ ᠮᠦᠴᠢᠷ ᠰᠤᠷᠤᠯᠴᠠᠵᠤ ᠤᠶᠢᠯᠠᠭᠠᠨ ᠨᠡᠪᠲᠡᠷᠡᠵᠦ᠂ ᠤᠬᠠᠭᠤᠯᠤᠨ ᠢᠯᠡᠳᠬᠡᠯ ᠬᠢᠬᠦ᠂ ᠨᠡᠪᠲᠡᠷᠡᠲᠡᠯ᠎ᠡ ᠤᠶᠢᠯᠠᠭᠠᠬᠤ ᠳᠡᠭᠡᠷ᠎ᠡ ᠬᠦᠴᠦ ᠲᠠᠯᠪᠢᠵᠤ᠂ ᠬᠤᠷᠠᠯ ᠤᠨ ᠵᠣᠷᠢᠭ ᠰᠠᠨᠠᠭ᠎ᠠ ᠶᠢ ᠨᠢᠮᠪᠠᠢ ᠤᠶᠢᠯᠠᠭᠠᠵᠤ᠂ ᠨᠠᠶᠢᠳᠠᠪᠤᠷᠢᠵᠢᠭᠤᠯᠬᠤ ᠠᠷᠭ᠎ᠠ ᠠᠪᠴᠠᠯ ᠢᠶᠠᠨ ᠨᠠᠷᠢᠯᠢᠭᠵᠢᠭᠤᠯᠵᠤ᠂ ᠰᠤᠷᠤᠯᠴᠠᠨ ᠤᠬᠠᠭᠤᠯᠵᠤ ᠨᠠᠶᠢᠳᠠᠪᠤᠷᠢᠵᠢᠭᠤᠯᠬᠤ ᠠᠵᠢᠯ ᠢ ᠨᠡᠩ ᠭᠦᠨᠵᠡᠭᠡᠢ ᠨᠡᠩ ᠪᠤᠳᠠᠲᠠᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号