3 ᠰᠠᠷ᠎ᠠ ᠶᠢᠨ 28 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ ︽ᠳᠦᠷᠪᠡᠨ ᠦᠭᠡᠢ ᠬᠤᠶᠠᠷ ᠰᠢᠭᠤᠳ | ︾ ᠬᠡᠯᠪᠡᠷᠢ ᠪᠠᠷ ᠬᠤᠩᠱᠠᠨ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠲᠤ ᠰᠤᠳᠤᠯᠤᠨ | ᠪᠠᠶᠢᠴᠠᠭᠠᠵᠤ ᠵᠢᠭᠠᠨ ᠵᠢᠯᠤᠭᠤᠳᠴᠤ᠂ ᠠᠷᠠᠯᠵᠢᠶ᠎ᠠ ᠡᠵᠡᠩᠨᠡᠯᠲᠡ ᠶᠢᠨ ᠣᠷᠴᠢᠨ ᠲᠤᠭᠤᠷᠢᠨ ᠢ ᠰᠢᠯᠢᠳᠡᠭᠵᠢᠭᠦᠯᠬᠦ ᠳᠤ | ᠵᠦᠪᠬᠡᠨ ᠶᠠᠪᠤᠭᠳᠠᠭᠤᠯᠬᠤ ᠴᠠᠭ ᠪᠠᠶᠢᠬᠤ ᠠᠴᠠ ᠪᠢᠰᠢ ᠳᠠᠭᠤᠰᠬᠤ ᠴᠠᠭ ᠭᠡᠵᠦ ᠪᠠᠶᠢᠬᠤ ᠦᠭᠡᠢ ᠪᠠᠷ ᠦᠷᠨᠢᠭᠦᠯᠬᠦ ᠶᠢ | ᠴᠢᠩᠭᠠᠳᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠪᠠᠲᠤᠲᠠᠢ | ᠳᠡᠭᠡᠭᠰᠢᠯᠡᠭᠦᠯᠵᠦ᠂ ᠬᠤᠩᠱᠠᠨ ᠤ ᠬᠤᠷᠳᠤᠴᠠ᠂ ᠬᠤᠩᠱᠠᠨ ᠤ ᠠᠰᠢᠭᠯᠠᠮᠵᠢ᠂ ᠬᠤᠩᠱᠠᠨ ᠤ ᠨᠡᠷᠡᠲᠦ ᠲᠡᠮᠳᠡᠭᠲᠦ ᠪᠠ | ᠬᠤᠩᠱᠠᠨ ᠤ ᠳᠦᠷᠢ ᠳᠦᠷᠬᠦ ᠶᠢ ᠬᠦᠴᠦᠯᠡᠨ ᠴᠤᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠲᠤ ᠴᠧᠨ ᠵᠠᠨ ᠢᠩ | ᠤᠴᠢᠷ ᠰᠢᠢᠳᠪᠦᠷᠢᠯᠡᠵᠦ ᠪᠠᠶᠢᠭ᠎ᠠ ᠣᠯᠠᠨ ᠲᠦᠮᠡᠨ ᠲᠠᠢ ᠲᠤᠲᠤᠨᠤᠰᠤᠭ ᠢᠶᠠᠷ ᠶᠠᠷᠢᠯᠴᠠᠵᠤ᠂ ᠠᠵᠤ ᠠᠬᠤᠶᠢᠯᠠᠯ ᠳᠤ | ᠬᠤᠯᠪᠤᠭᠳᠠᠭᠰᠠᠨ ᠤᠴᠢᠷ ᠶᠠᠪᠤᠳᠠᠯ ᠢ ᠰᠢᠢᠳᠪᠦᠷᠢᠯᠡᠬᠦ᠂ ᠬᠢᠨᠠᠨ ᠵᠦᠪᠰᠢᠶᠡᠷᠡᠯ ᠤᠨ ᠦᠢᠯᠡᠴᠢᠯᠡᠭᠡ ᠶᠢ | ᠰᠢᠯᠢᠳᠡᠭᠵᠢᠭᠦᠯᠬᠦ᠂ ᠠᠷᠠᠳ ᠲᠤ ᠳᠦᠭᠦᠮ ᠦᠵᠡᠭᠦᠯᠬᠦ ᠠᠷᠭ᠎ᠠ ᠠᠪᠴᠠᠯ ᠢ ᠨᠠᠶᠢᠳᠠᠪᠤᠷᠢᠵᠢᠭᠤᠯᠬᠤ ᠵᠡᠷᠭᠡ ᠪᠠᠶᠢᠳᠠᠯ ᠢ | ᠨᠠᠷᠢᠨ ᠨᠢᠮᠪᠠᠢ ᠤᠶᠢᠯᠠᠭᠠᠵᠤ᠂ ᠲᠤᠬᠠᠢ ᠶᠢᠨ ᠲᠠᠯᠠᠪᠠᠢ ᠳᠤ ᠤᠯᠠᠨ ᠲᠦᠮᠡᠨ ᠤ ᠰᠠᠨᠠᠯ ᠪᠠ ᠰᠠᠨᠠᠭᠤᠯᠭ᠎ᠠ ᠶᠢ ᠰᠤᠨᠤᠰᠪᠠ | ᠃ | | | | | ᠴᠧᠨ ᠵᠠᠨ ᠢᠩ ᠵᠢᠭᠠᠨ ᠭᠠᠷᠭᠠᠭᠰᠠᠨ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠪᠣᠯ ᠠᠵᠤ | ᠠᠬᠤᠶᠢᠯᠠᠯ ᠪᠠ ᠤᠯᠠᠨ ᠲᠦᠮᠡᠨ ᠳᠤ ᠬᠠᠨᠳᠤᠬᠤ ᠬᠠᠮᠤᠭ ᠰᠢᠭᠤᠳ ᠴᠤᠩᠬᠤᠪᠴᠢ ᠪᠣᠯᠤᠨ᠎ᠠ᠂ ᠵᠠᠰᠠᠭ ᠤᠨ ᠣᠷᠳᠤᠨ | ᠤ ᠴᠢᠳᠠᠮᠵᠢ ᠶᠢ ᠳᠡᠭᠡᠭᠰᠢᠯᠡᠭᠦᠯᠬᠦ᠂ ᠤᠯᠠᠨ ᠲᠦᠮᠡᠨ ᠤ ᠤᠴᠢᠷ ᠰᠢᠢᠳᠪᠦᠷᠢᠯᠡᠬᠦ ᠳᠤ ᠳᠦᠭᠦᠮ ᠦᠵᠡᠭᠦᠯᠬᠦ ᠴᠢᠬᠤᠯᠠ | ᠲᠠᠪᠴᠠᠩ ᠪᠣᠯᠤᠨ᠎ᠠ᠂ ᠪᠠᠰᠠᠴᠤ ᠨᠠᠮ ᠪᠠ ᠵᠠᠰᠠᠭ ᠤᠨ ᠣᠷᠳᠤᠨ ᠤ ᠤᠯᠠᠨ ᠲᠦᠮᠡᠨ ᠲᠠᠢ ᠬᠠᠷᠢᠯᠴᠠᠬᠤ ᠤᠯᠠᠨ | ᠲᠦᠮᠡᠨ ᠳᠤ ᠦᠢᠯᠡᠴᠢᠯᠡᠬᠦ ᠴᠢᠬᠤᠯᠠ ᠬᠤᠯᠪᠤᠭᠠᠰᠤ ᠪᠣᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ | ᠴᠤᠩᠬᠤᠪᠴᠢ ᠶᠢᠨ ᠦᠢᠯᠡᠴᠢᠯᠡᠭᠡᠨ ᠤ ᠠᠵᠢᠯᠲᠠᠨ ᠢ ᠰᠤᠩᠭᠤᠬᠤ ᠪᠠ ᠪᠤᠯᠪᠠᠰᠤᠷᠠᠭᠤᠯᠬᠤ ᠶᠢ ᠰᠠᠶᠢᠲᠤᠷ ᠬᠢᠵᠦ᠂ | ᠳᠦᠷᠦ ᠶᠢᠨ ᠪᠤᠳᠤᠯᠭ᠎ᠠ ᠲᠤᠭᠲᠠᠭᠠᠯ ᠪᠠ ᠠᠵᠢᠯ ᠤᠨ ᠱᠠᠭᠠᠷᠳᠠᠯᠭ᠎ᠠ ᠶᠤᠰᠤᠭᠠᠷ ᠠᠵᠢᠯᠲᠠᠨ ᠢ ᠵᠤᠬᠢᠰᠲᠠᠢ | ᠲᠤᠬᠢᠷᠠᠭᠤᠯᠤᠨ᠂ ᠪᠠᠶᠢᠩᠭᠤᠵᠢᠭᠰᠠᠨ ᠠᠵᠢᠯ ᠶᠠᠪᠤᠳᠠᠯ ᠤᠨ ᠪᠤᠯᠪᠠᠰᠤᠷᠠᠯ ᠪᠠ ᠰᠠᠬᠢᠯᠭ᠎ᠠ ᠪᠠᠲᠤ ᠶᠢᠨ ᠬᠦᠮᠦᠵᠢᠯ | ᠦᠷᠨᠢᠭᠦᠯᠵᠦ᠂ ᠴᠤᠩᠬᠤᠪᠴᠢ ᠶᠢᠨ ᠠᠵᠢᠯᠲᠠᠨ ᠤ ᠤᠯᠤᠰ ᠲᠦᠷᠦ ᠶᠢᠨ ᠬᠡᠪ ᠴᠢᠨᠠᠷ ᠪᠠ ᠠᠵᠢᠯ ᠤᠨ ᠴᠢᠳᠠᠪᠤᠷᠢ ︽ | ᠬᠤᠤᠰ ᠰᠢᠯᠢᠳᠡᠭ︾ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃ | |