ᠬᠤᠩᠱᠠᠨ ᠲᠣᠭᠤᠷᠢᠭ ︽ᠲᠤᠭᠠᠴᠢᠭᠤᠯᠤᠯᠲᠠ︾ ᠪᠠᠷ ᠰᠠᠭᠤᠷᠢ ᠶᠢ ᠪᠠᠲᠤᠵᠢᠭᠤᠯᠵᠤ᠂ ᠬᠤᠲᠠ ᠶᠢᠨ ︽ᠶᠡᠭᠡ ᠳᠠᠷᠢᠬᠢ︾ ᠶᠢ ᠵᠡᠪᠰᠡᠭᠯᠡᠪᠡ
ᠨᠡᠶᠢᠲᠡᠯᠡᠭᠰᠡᠨ ᠴᠠᠭ᠄
2022/3/30
        ᠬᠤᠲᠠ ᠶᠢᠨ ᠲᠤᠭᠠᠴᠢᠯᠠᠭᠰᠠᠨ ᠶᠡᠭᠡ ᠳᠠᠷᠢᠬᠢ ᠶᠢᠨ ᠲᠠᠪᠴᠠᠩ ᠢᠶᠠᠷ ᠬᠤᠩᠱᠠᠨ ᠲᠣᠭᠤᠷᠢᠭ ᠤᠨ ᠬᠤᠲᠠ  ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠬᠤ ᠪᠠ ᠬᠤᠲᠠ ᠶᠢᠨ ᠳᠦᠷᠢ ᠳᠦᠷᠬᠦ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠭᠤᠤᠯᠳᠠᠯᠭ᠎ᠠ ᠲᠠᠢ ᠲᠦᠷᠦᠯ ᠵᠦᠢᠯ ᠪᠣᠯᠭᠠᠵᠤ᠂ 2021 ᠤᠨ ᠳᠤ ᠪᠠᠶᠢᠭᠤᠯᠵᠤ ᠡᠬᠢᠯᠡᠭᠰᠡᠨ ᠠᠴᠠ ᠨᠠᠰᠢ ᠬᠤᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠳᠤ ᠲᠤᠭᠠᠴᠢᠯᠠᠭᠰᠠᠨ ᠴᠢᠳᠠᠮᠵᠢ ᠲᠠᠰᠤᠷᠠᠯᠲᠠ ᠦᠭᠡᠢ ᠢᠳᠡ ᠬᠦᠴᠦᠨ ᠨᠡᠮᠡᠷᠢᠯᠡᠪᠡ᠃        ᠨᠢᠭᠡ ᠳᠤ᠂ ᠠ ᠯᠢ ᠪᠠ ᠪᠠ ᠲᠤᠭ᠎ᠠ ᠪᠠᠷᠢᠮᠲᠠ ᠶᠢᠨ ᠲᠠᠪᠴᠠᠩ ᠪᠠ ᠳᠦᠷᠰᠦᠵᠢᠭᠦᠯᠦᠭᠰᠡᠨ ᠲᠠᠪᠴᠠᠩ ᠢ ᠤᠷᠢᠨ ᠤᠷᠤᠭᠤᠯᠵᠤ᠂ ᠤᠶᠤᠨᠴᠢ ᠬᠤᠩᠱᠠᠨ ᠤ ᠪᠠᠶᠢᠭᠤᠯᠤᠯᠲᠠ ᠳᠤ ᠭᠤᠸᠠᠵᠢᠭᠤᠯᠬᠤ ᠢᠨᠵᠧᠨᠧᠷᠢᠩ᠂ ᠠᠮᠤᠷ ᠳᠦᠪᠰᠢᠨ ᠬᠤᠲᠠ᠂ ᠠᠶᠦᠯᠭᠦᠢ ᠦᠢᠯᠡᠳᠪᠦᠷᠢᠯᠡᠯ᠂ ᠤᠷᠴᠢᠨ ᠲᠤᠭᠤᠷᠢᠨ ᠤ ᠬᠢᠨᠠᠨ ᠪᠠᠶᠢᠴᠠᠭᠠᠯᠲᠠ᠂ ᠲᠤᠤᠷᠵᠢᠭᠤᠯᠤᠭᠰᠠᠨ ᠴᠡᠭᠴᠡᠯᠡᠨ ᠵᠠᠰᠠᠯᠲᠠ ᠵᠡᠷᠭᠡ ᠲᠠᠪᠴᠠᠩ ᠤᠨ ᠲᠤᠭ᠎ᠠ ᠪᠠᠷᠢᠮᠲᠠ ᠶᠢ ᠠᠭᠠᠵᠢᠮ ᠢᠶᠠᠷ ᠬᠤᠲᠠ ᠶᠢᠨ ᠶᠡᠭᠡ ᠳᠠᠷᠢᠬᠢ ᠶᠢᠨ ᠲᠠᠪᠴᠠᠩ ᠲᠠᠢ ᠨᠡᠶᠢᠯᠡᠯᠴᠡᠭᠦᠯᠪᠡ᠃        ᠬᠤᠶᠠᠷ ᠲᠤ᠂ ᠨᠢᠭᠡᠨᠲᠡ ᠪᠦᠲᠦᠭᠡᠨ ᠪᠠᠶᠢᠭᠤᠯᠵᠤ ᠠᠰᠢᠭᠯᠠᠯᠲᠠ ᠳᠤ ᠤᠷᠤᠭᠰᠠᠨ ᠡᠳ᠋ ᠪᠠᠷᠠᠭᠠᠨ ᠤ ᠬᠤᠯᠪᠤᠯᠴᠠᠯ ᠰᠦᠯᠵᠢᠶᠡᠨ ᠤ ᠨᠢᠭᠡᠲᠦᠯᠲᠡᠢ ᠠᠵᠢᠯᠯᠠᠭᠤᠯᠤᠨ ᠪᠠᠲᠤᠯᠠᠬᠤ ᠲᠠᠪᠴᠠᠩ ᠢᠶᠠᠷ ᠳᠠᠮᠵᠢᠨ᠂ ᠬᠤᠲᠠ ᠶᠢᠨ ᠲᠤᠭ᠎ᠠ ᠪᠠᠷᠢᠮᠲᠠ ᠶᠢᠨ ᠶᠡᠭᠡ ᠳᠠᠷᠢᠬᠢ ᠶᠢᠨ ᠵᠠᠯᠭᠠᠭᠰᠠᠨ ᠳᠦᠷᠰᠦ ᠪᠢᠴᠢᠯᠭᠡ ᠶᠢᠨ ᠬᠢᠨᠠᠨ ᠡᠵᠡᠮᠰᠢᠭᠦᠷ᠂ ᠡᠳ᠋ ᠪᠠᠷᠠᠭᠠᠨ  ᠤ ᠡᠮᠦᠨ᠎ᠡ ᠦᠵᠦᠭᠦᠷ ᠤᠨ ᠤᠶᠤᠨᠴᠢ ᠲᠦᠬᠦᠭᠡᠷᠦᠮᠵᠢ ᠳᠤ ᠲᠤᠭᠠᠴᠢᠯᠠᠭᠰᠠᠨ ᠬᠠᠮᠢᠶᠠᠷᠤᠯᠲᠠ ᠬᠢᠵᠦ᠂ ᠬᠤᠲᠠ ᠶᠢᠨ ᠲᠤᠭ᠎ᠠ ᠪᠠᠷᠢᠮᠲᠠ ᠶᠢᠨ ᠶᠡᠭᠡ ᠳᠠᠷᠢᠬᠢ ᠶᠢ ᠯᠠᠪᠳᠠᠭᠤᠨ ᠪᠠᠲᠤᠲᠠᠢ ᠠᠵᠢᠯᠯᠠᠭᠤᠯᠬᠤ ᠶᠢ ᠪᠠᠲᠤᠯᠠᠪᠠ᠃        ᠭᠤᠷᠪᠠ ᠳᠤ᠂ ᠳ᠋ᠦᠩᠨᠡᠨ ᠪᠤᠳᠤᠬᠤ ᠴᠢᠳᠠᠮᠵᠢ ᠲᠠᠢ ᠬᠠᠮ ᠳᠡᠯᠭᠡᠭᠦᠷ ᠢ ᠪᠠᠶᠢᠭᠤᠯᠬᠤ ᠪᠠᠷ ᠳᠦᠯᠦᠪᠯᠡᠵᠦ᠂ ᠵᠤᠬᠢᠶᠠᠮᠠᠯ ᠤᠶᠤᠨᠴᠢ ᠮᠡᠷᠭᠡᠵᠢᠯ ᠢ ᠠᠰᠢᠭᠯᠠᠨ᠂ ᠬᠤᠲᠠ ᠶᠢᠨ ᠲᠤᠭ᠎ᠠ ᠪᠠᠷᠢᠮᠲᠠ ᠶᠢᠨ ᠶᠡᠭᠡ ᠳᠠᠷᠢᠬᠢ ᠶᠢᠨ ᠬᠤᠷᠠᠮᠳᠤᠭᠤᠯᠤᠭᠰᠠᠨ ᠳᠦᠷᠰᠦ ᠪᠢᠴᠢᠯᠭᠡ ᠶᠢᠨ ᠬᠢᠨᠠᠨ ᠡᠵᠡᠮᠰᠢᠬᠦᠷ ᠳᠤ 18 ᠲᠦᠷᠦᠯ ᠤᠨ ᠳ᠋ᠦᠩᠨᠡᠨ ᠪᠤᠳᠤᠬᠤ ᠮᠡᠷᠭᠡᠵᠢᠯ ᠢ ᠤᠷᠤᠭᠤᠯᠵᠤ᠂ ᠡᠯ᠎ᠡ ᠵᠦᠪᠯᠡᠯ᠂ ᠠᠯᠪᠠᠨ ᠭᠡᠷ᠂ ᠲᠤᠪᠴᠢᠶ᠎ᠠ ᠪᠠ ᠵᠡᠭᠡᠯᠢ ᠭᠤᠳᠤᠮᠵᠢ ᠱᠠᠭᠠᠷᠳᠠᠯᠭ᠎ᠠ ᠪᠠᠨ ᠦᠨᠳᠦᠰᠦᠯᠡᠨ᠂ ᠵᠢᠭᠠᠨ ᠵᠢᠯᠤᠭᠤᠳᠬᠤ ᠲᠦᠪ ᠪᠠ ᠬᠤᠲᠠ ᠶᠢᠨ ᠶᠡᠭᠡ ᠳᠠᠷᠢᠬᠢ ᠶᠢᠨ ᠲᠠᠪᠴᠠᠩ ᠠᠴᠠ ᠳ᠋ᠦᠩᠨᠡᠨ ᠪᠤᠳᠤᠯᠲᠠ ᠶᠢ ᠠᠰᠢᠭᠯᠠᠬᠤ ᠪᠠᠷ ᠡᠷᠡᠮᠡᠯᠵᠡᠵᠦ᠂ ᠬᠠᠷᠢᠶ᠎ᠠ ᠲᠤᠭᠤᠷᠢᠭ ᠤᠨ ᠳᠦᠷᠰᠦ ᠪᠢᠴᠢᠯᠭᠡ ᠶᠢᠨ ᠬᠢᠨᠡᠨ ᠡᠵᠡᠮᠰᠢᠭᠦᠷ  ᠲᠤ ᠠᠰᠢᠭᠯᠠᠵᠤ᠂ ᠵᠦᠪᠯᠡᠯ ᠠᠯᠪᠠᠨ ᠲᠤᠪᠴᠢᠶᠠᠨ ᠤ ᠬᠤᠲᠠ ᠶᠢᠨ ᠵᠠᠰᠠᠯᠲᠠ᠂ ᠤᠯᠠᠨ ᠨᠡᠶᠢᠲᠡ ᠶᠢᠨ ᠠᠮᠤᠷ ᠲᠦᠪᠰᠢᠨ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠵᠠᠮ ᠱᠤᠭᠤᠮ ᠠᠶᠠᠯᠠᠯ ᠵᠡᠷᠭᠡ ᠲᠠᠯ᠎ᠠ ᠶᠢᠨ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢ ᠲᠠᠰᠤᠷᠠᠯᠲᠠ ᠦᠭᠡᠢ ᠨᠡᠶᠢᠯᠡᠯᠴᠡᠭᠦᠯᠬᠦ ᠬᠠᠮᠲᠤᠪᠡᠷ ᠠᠰᠢᠭᠯᠠᠬᠤ᠂ ᠢᠯᠡᠷᠡᠭᠦᠯᠬᠦ ᠵᠠᠳᠠᠯᠬᠤ ᠠᠰᠢᠭᠯᠠᠬᠤ ᠪᠠᠷ ᠳᠠᠮᠵᠢᠨ᠂ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠬᠠᠮᠲᠤᠪᠡᠷ ᠪᠠᠶᠢᠭᠤᠯᠬᠤ᠂ ᠬᠠᠮᠲᠤᠪᠡᠷ ᠵᠠᠰᠠᠬᠤ᠂ ᠬᠠᠮᠲᠤᠪᠡᠷ ᠡᠳ᠋ᠯᠡᠬᠦ ᠶᠢ ᠠᠬᠢᠭᠤᠯᠬᠤ ᠪᠣᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号