ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/7
        ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ 2022 ᠣᠨ ᠤ 3 ᠰᠠᠷ᠎ᠠ ᠶᠢᠨ 1 ᠤ ᠡᠳᠦᠷ ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠲᠤ ᠬᠤᠷᠠᠯᠳᠤᠪᠠ᠃ ᠬᠤᠷᠠᠯ ᠳᠤ ᠤᠷᠤᠯᠴᠠᠭᠰᠠᠨ ᠬᠤᠩᠱᠠᠨ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ 14 ᠬᠦᠮᠦᠨ᠂ 96 ᠬᠦᠮᠦᠨ ᠰᠤᠯᠠ ᠤᠷᠤᠯᠴᠠᠪᠠ᠃        ᠬᠤᠲᠠ ᠶᠢᠨ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠨᠠᠮ ᠤᠨ ᠬᠤᠷᠢᠶᠠᠨ  ᠤ ᠱᠦᠵᠢ ᠴᠧᠨ ᠵᠠᠨ ᠢᠩ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃ ᠲᠤᠭᠤᠷᠢᠭ ᠤᠨ  ᠨᠠᠮ ᠤᠨ ᠬᠤᠷᠢᠶᠠᠨ ᠤ  ᠪᠠᠶᠢᠩᠭᠤ ᠶᠢᠨ ᠬᠤᠷᠢᠶ᠎ᠠ᠂ ᠲᠤᠭᠤᠷᠢᠭ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠵᠠᠰᠠᠭ ᠤᠨ ᠣᠷᠳᠤᠨ᠂ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠵᠢᠴᠢ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠤᠳᠤᠷᠢᠳᠬᠤ ᠨᠦᠬᠦᠳ ᠬᠤᠷᠠᠯ ᠳᠤ ᠣᠷᠤᠯᠴᠠᠪᠠ᠃        ᠪᠦᠬᠦᠳᠡ ᠬᠤᠷᠠᠯ ᠢ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭᠲᠤ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠡᠯ᠎ᠡ ᠤᠳᠠᠭᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠵᠤ᠂ ᠠᠷᠪᠠ ᠶᠢᠰᠦᠳᠦᠭᠡᠷ ᠬᠤᠭᠤᠴᠠᠭᠠᠨ ᠤ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ᠂ ᠦᠪᠡᠷᠲᠡᠭᠡᠨ ᠵᠠᠰᠠᠬᠤ ᠣᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠪᠠ ᠬᠤᠩᠱᠠᠨ ᠲᠤᠭᠤᠷᠢᠭ  ᠤᠨ ᠶᠢᠰᠦᠳᠦᠭᠡᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ᠂ 2021 ᠣᠨ ᠤ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠳ᠋ᠦᠩᠨᠡᠨ ᠡᠷᠭᠢᠴᠡᠭᠦᠯᠵᠦ᠂ 2022 ᠣᠨ ᠤ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠵᠠᠩ ᠵᠢᠢ ᠬᠠᠢ ᠨᠦᠬᠦᠷ ᠤᠨ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠦᠭᠡᠯᠡᠨ ᠬᠢᠭᠰᠡᠨ ︽ᠤᠯᠤᠰ ᠲᠦᠷᠦ  ᠶᠢᠨ ᠡᠭᠦᠷᠭᠡᠯᠡᠯ ᠢᠶᠠᠨ ᠴᠢᠩᠭᠠᠳᠬᠠᠨ᠂ ᠲᠦᠪ ᠭᠤᠤᠯᠴᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠭᠡᠮ ᠵᠢᠷᠦᠮᠲᠦ ᠤᠳᠤᠬᠢᠴᠢᠯᠠᠭᠰᠠᠨ ᠰᠢᠨ᠎ᠡ ᠬᠤᠩᠱᠠᠨ ᠢ ᠪᠠᠶᠢᠭᠤᠯᠬᠤ ᠳᠤ ᠡᠷᠡᠰ ᠪᠠᠲᠤᠯᠠᠭ᠎ᠠ ᠬᠠᠩᠭᠠᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠦᠪᠯᠡᠵᠦ ᠪᠠᠲᠤᠯᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号