ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠢ ᠰᠠᠶᠢᠲᠤᠷ ᠬᠢᠬᠦ ᠲᠤᠬᠠᠢ ᠪᠠᠴᠢᠮ ᠵᠠᠷᠯᠠᠯ
ᠨᠡᠶᠢᠲᠡᠯᠡᠭᠰᠡᠨ ᠴᠠᠭ᠄
2022/4/11
        ᠬᠤᠩᠱᠠᠨ ᠲᠣᠭᠤᠷᠢᠭ ᠨᠢ ᠰᠦᠩᠱᠠᠨ‌‍ᠲ᠋ᠣᠭᠤᠷᠢᠭ ᠤᠨ ᠲᠤᠳᠤᠯᠠᠭᠰᠠᠨ ᠡᠪᠡᠳᠴᠢᠨ ᠤ ᠵᠢᠱᠢᠶ᠎ᠡ ᠵᠢᠴᠢ ᠬᠠᠮᠢᠶ᠎ᠠ ᠪᠦᠬᠦᠢ ᠬᠦᠮᠦᠰ ᠤᠨ ᠤᠯᠠᠨ ᠭᠠᠵᠠᠷ ᠤᠨ ᠬᠦᠳᠡᠯᠭᠡᠭᠡᠨ ᠤ ᠵᠠᠮ ᠮᠦᠷ ᠢ ᠦᠨᠳᠦᠰᠦᠯᠡᠨ᠂ ᠬᠤᠩᠱᠠᠨ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠢᠢᠳᠪᠦᠷᠢ  ᠪᠠᠷ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠴᠢᠷ ᠶᠠᠪᠤᠳᠠᠯ ᠤᠨ IV ᠳᠡᠰ ᠤᠨ ᠪᠠᠴᠢᠮ ᠢ ᠠᠷᠭᠠᠴᠠᠭᠠᠬᠤ ᠲᠦᠰᠦᠯ ᠢ ᠡᠬᠢᠯᠡᠨ ᠬᠡᠷᠡᠭᠵᠢᠭᠦᠯᠵᠦ᠂ ᠡᠳᠦᠭᠡ ᠬᠠᠮᠢᠶ᠎ᠠ ᠪᠦᠬᠦᠢ ᠵᠦᠢᠯᠡᠰ ᠢ ᠳᠤᠤᠷᠠᠬᠢ ᠮᠡᠲᠦ ᠵᠠᠷᠯᠠᠶ᠎ᠠ᠄        ᠨᠢᠭᠡ᠂ ᠬᠦᠬᠦᠷᠭᠡᠨ ᠤ ᠬᠤᠶᠢᠲᠦᠬᠢ ᠯᠦᠩ ᠱᠠᠨ ᠡᠾᠦ᠋ᠩ ᠵᠢᠶᠦ᠋ᠨ B ᠲᠤᠭᠤᠷᠢᠭ ᠤᠨ ᠨᠢᠭᠡᠳᠦᠭᠡᠷ ᠠᠰᠠᠷ᠂ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠢᠦᠢ ᠯᠦᠩ ᠴᠢ ᠮᠤ᠋ ᠵᠠᠮ ᠠᠴᠠ ᠡᠮᠦᠨᠡᠰᠢ᠂ ᠴᠠᠭᠠᠨᠮᠦ᠋ᠷᠡᠨ ᠶᠡᠭᠡ ᠵᠡᠭᠡᠯᠢ ᠠᠴᠠ ᠪᠠᠷᠠᠭᠤᠨᠰᠢ ᠹᠠᠩ ᠶᠤᠸᠠᠨ ᠵᠡᠭᠡᠯᠢ ᠠᠴᠠ ᠵᠡᠭᠦᠨᠰᠢᠬᠢ ᠭᠠᠵᠠᠷ ᠤᠷᠤᠨ ᠢ ᠬᠠᠮᠢᠶᠠᠷᠤᠨ ᠡᠵᠡᠮᠳᠡᠬᠦ ᠤᠷᠤᠨ ᠢᠶᠠᠷ ᠬᠤᠪᠢᠶᠠᠷᠢᠯᠠᠵᠤ᠂ ︽ᠬᠠᠮᠢᠶᠠᠷᠤᠨ ᠡᠵᠡᠮᠳᠡᠬᠦ ᠤᠷᠤᠨ ᠠᠴᠠ ᠭᠠᠷᠬᠤ ᠦᠭᠡᠢ᠂ ᠴᠤᠭᠯᠠᠷᠠᠬᠤ ᠶᠢ ᠴᠢᠩᠭ᠎ᠠ ᠴᠠᠭᠠᠵᠠᠯᠠᠬᠤ︾ ᠠᠷᠭ᠎ᠠ ᠠᠪᠴᠠᠯ  ᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ᠂ ᠳᠠᠮᠵᠢᠭᠳᠠᠬᠤ ᠲᠦᠭᠰᠢᠭᠦᠷᠢ ᠶᠢ ᠪᠠᠭᠠᠰᠬᠠᠨ᠎ᠠ᠃ ᠬᠢᠳᠡᠨ ᠡᠷᠲᠡᠨ ᠤ ᠡᠳ᠋ ᠤᠨ ᠬᠤᠲᠠ᠂ ᠹᠦ᠋ ᠪᠸᠢ ᠴᠠᠩ ᠳᠠᠭᠤᠤ ᠬᠦᠭᠵᠢᠮᠲᠦ ᠱᠤᠷᠯᠤᠭ ᠤᠨ ᠪᠠᠭᠠᠷ ᠢ ᠪᠢᠲᠡᠭᠦᠮᠵᠢᠯᠡᠨ ᠡᠵᠡᠮᠳᠡᠬᠦ ᠤᠷᠤᠨ ᠢᠶᠠᠷ ᠬᠤᠪᠢᠶᠠᠷᠢᠯᠠᠵᠤ᠂ ︽ᠭᠡᠷ ᠠᠴᠠ ᠪᠠᠨ ᠭᠠᠷᠬᠤ ᠦᠭᠡᠢ᠂ ᠦᠢᠯᠡᠴᠢᠯᠡᠭᠡ ᠶᠢ ᠭᠡᠷ ᠲᠤ ᠨᠢ ᠬᠦᠷᠭᠡᠬᠦ︾ ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠩᠱᠠᠨ ᠲᠤᠭᠤᠷᠢᠭ ᠤᠨ ᠪᠢᠲᠡᠭᠦᠮᠵᠢᠯᠡᠨ ᠡᠵᠡᠮᠳᠡᠬᠦ ᠣᠷᠤᠨ᠂ ᠬᠠᠮᠢᠶᠠᠷᠤᠨ ᠡᠵᠡᠮᠳᠡᠬᠦ ᠣᠷᠤᠨ ᠠᠴᠠ ᠪᠤᠰᠤᠳ ᠭᠠᠵᠠᠷ ᠣᠷᠤᠨ ᠢ ᠰᠡᠷᠭᠡᠶᠢᠯᠡᠬᠦ ᠣᠷᠤᠨ ᠢᠶᠠᠷ ᠲᠤᠭᠲᠠᠭᠠᠵᠤ᠂ ᠨᠡᠶᠢᠭᠡᠮᠴᠢᠯᠡᠭᠰᠡᠨ ᠬᠠᠮᠢᠶᠠᠷᠤᠨ ᠡᠵᠡᠮᠳᠡᠯᠲᠡ ᠶᠢ ᠴᠢᠩᠭᠠᠳᠬᠠᠨ᠂ ᠬᠦᠮᠦᠨ ᠬᠠᠷ᠎ᠠ ᠲᠦᠪᠯᠡᠷᠡᠨ ᠴᠤᠭᠯᠠᠷᠠᠬᠤ ᠶᠢ ᠴᠢᠩᠭ᠎ᠠ ᠬᠢᠵᠠᠭᠠᠷᠯᠠᠵᠤ᠂ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠪᠠᠴᠢᠮ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠦᠷᠭᠡᠨ ᠤᠯᠠᠨ ᠰᠠᠭᠤᠭᠠᠯᠢ ᠠᠷᠠᠳ ᠤᠨᠴᠠ ᠴᠢᠬᠤᠯᠠ ᠤᠴᠢᠷ ᠦᠭᠡᠢ ᠪᠣᠯ ᠬᠤᠲᠠ ᠲᠣᠭᠤᠷᠢᠭ ᠠᠴᠠ ᠭᠠᠷᠬᠤ ᠦᠭᠡᠢ ᠪᠠᠶᠢᠵᠤ᠂ ᠭᠠᠷᠬᠤ ᠴᠢᠬᠤᠯᠠᠲᠠᠢ ᠪᠣᠯ 48 ᠴᠠᠭ ᠤᠨ ᠲᠤᠲᠤᠷᠠᠬᠢ ᠬᠦᠴᠦᠨ ᠪᠦᠬᠦᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠭᠡᠷᠡᠴᠢᠯᠡᠭᠡ ᠪᠠᠨ ᠬᠠᠩᠭᠠᠬᠤ ᠬᠡᠷᠡᠭᠲᠡᠢ᠃        ᠬᠤᠶᠠᠷ᠂ ᠦᠷᠭᠡᠨ ᠤᠯᠠᠨ ᠰᠠᠭᠤᠭᠠᠯᠢ ᠠᠷᠠᠳ ᠰᠦᠩᠱᠠᠨ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠨᠡᠶᠢᠲᠡᠯᠡᠭᠰᠡᠨ ᠲᠤᠲᠤᠯᠠᠭᠰᠠᠨ ᠡᠪᠡᠳᠴᠢᠨ ᠤ ᠵᠢᠱᠢᠶ᠎ᠡ  ᠶᠢᠨ ᠵᠠᠮ ᠮᠦᠷ ᠢ ᠨᠢᠭᠲᠠ ᠠᠩᠬᠠᠷᠴᠤ᠂ ᠬᠡᠷᠪᠡ ᠵᠠᠮ ᠮᠦᠷ ᠳᠠᠪᠬᠤᠴᠠᠭᠰᠠᠨ ᠵᠦᠢᠯ ᠪᠠᠶᠢᠪᠠᠯ ᠳᠠᠷᠤᠢ ᠲᠦᠷᠭᠡᠨ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠲᠤᠰᠬᠤᠨ︶᠂ ᠠᠵᠢᠯᠯᠠᠵᠤ ᠪᠠᠶᠢᠭ᠎ᠠ ᠪᠠᠶᠢᠭᠤᠯᠭ᠎ᠠ ᠨᠢᠭᠡᠴᠡ ᠪᠤᠶᠤ ᠰᠠᠭᠤᠵᠤ ᠪᠠᠶᠢᠭ᠎ᠠ ᠪᠠᠭᠤᠳᠠᠯ ᠳᠤ ᠪᠠᠨ ᠮᠡᠳᠡᠭᠦᠯᠦᠨ ᠳᠠᠩᠰᠠᠯᠠᠭᠤᠯᠵᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠪᠦᠭᠡᠮ ᠬᠦᠴᠢᠯ ᠤᠨ ᠪᠠᠶᠢᠴᠠᠭᠠᠯᠲᠠ᠂ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠬᠢᠬᠦ ᠵᠡᠷᠭᠡ ᠬᠠᠮᠢᠶᠠᠷᠤᠨ ᠡᠵᠡᠮᠳᠡᠬᠦ ᠠᠷᠭ᠎ᠠ ᠠᠪᠴᠠᠯ ᠢ ᠨᠢᠭᠲᠠ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃        ᠭᠤᠷᠪᠠ᠂  ᠪᠢᠲᠡᠭᠦᠮᠵᠢᠯᠡᠨ ᠬᠠᠮᠢᠶᠠᠷᠬᠤ ᠤᠷᠤᠨ᠂ ᠬᠠᠮᠢᠶᠠᠷᠤᠨ ᠡᠵᠡᠮᠳᠡᠬᠦ ᠤᠷᠤᠨ ᠤ ᠰᠠᠭᠤᠭᠠᠯᠢ ᠠᠷᠠᠳ ᠬᠡᠷᠪᠡ ᠨᠡᠪᠴᠢᠭᠦᠯᠦᠨ ᠢᠯᠭᠠᠷᠠᠭᠤᠯᠬᠤ᠂ ᠵᠢᠷᠮᠦᠰᠦᠯᠡᠬᠦ ᠠᠴᠠ ᠡᠮᠦᠨᠡᠬᠢ ᠪᠠᠶᠢᠴᠠᠭᠠᠯᠲᠠ᠂ ᠬᠠᠪᠤᠳᠠᠷ ᠤᠨ ᠰᠠᠴᠤᠷᠠᠭ ᠵᠠᠰᠠᠯ᠂ ᠬᠢᠮᠢ ᠶᠢᠨ ᠵᠠᠰᠠᠯ ᠵᠡᠷᠭᠡ ᠪᠠᠴᠢᠮ ᠡᠮᠨᠡᠭᠦᠯᠬᠦ ᠱᠠᠭᠠᠷᠳᠠᠯᠭ᠎ᠠ ᠲᠠᠢ ᠪᠣᠯ ᠰᠠᠭᠤᠷᠢᠰᠢᠭ᠎ᠠ ᠨᠡᠶᠢᠭᠡᠮ ᠲᠤᠭᠤᠷᠢᠭ ᠨᠢ ᠬᠠᠷᠢᠭᠤᠴᠠᠨ ᠤᠷᠢᠳᠴᠢᠯᠠᠨ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠯᠲᠡ ᠶᠢᠨ ᠳᠤᠭᠤᠶᠢᠯᠠᠩ ᠲᠠᠢ ᠬᠠᠷᠢᠯᠴᠠᠵᠤ᠂ ᠲᠤᠰᠬᠠᠢ ᠲᠡᠷᠭᠡ ᠪᠠᠷ ︽ᠴᠡᠭ ᠠᠴᠠ ᠴᠡᠭ︾ ᠲᠤ ᠬᠦᠷᠭᠡᠵᠦ ᠲᠤᠰᠬᠤ ᠪᠠᠷ ᠲᠤᠬᠢᠷᠠᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠡᠮᠨᠡᠬᠦ ᠶᠢ ᠲᠡᠪᠴᠢᠵᠦ ᠪᠣᠯᠬᠤ ᠦᠭᠡᠢ᠂ ᠰᠠᠨᠠᠭᠠᠴᠢᠯᠠᠭ᠎ᠠ ᠠᠴᠠ ᠪᠠᠨ ᠡᠪᠡᠳᠴᠢᠲᠡᠨ ᠳᠤ ᠡᠮᠴᠢᠯᠡᠭᠡᠨ ᠤ ᠦᠢᠯᠡᠴᠢᠯᠡᠭᠡ ᠰᠠᠶᠢᠲᠤᠷ ᠬᠠᠩᠭᠠᠬᠤ ᠬᠡᠷᠡᠭᠲᠡᠢ᠃        ᠤᠳᠤᠬᠠᠨ ᠳᠤ ᠬᠤᠩᠱᠠᠨ ᠲᠣᠭᠤᠷᠢᠭ ᠤᠨ ᠦᠢᠯᠡᠳᠪᠦᠷᠢᠯᠡᠯ ᠠᠮᠢᠳᠤᠷᠠᠯ ᠤᠨ ᠡᠳ᠋ ᠪᠤᠳᠠᠰ ᠤᠨ ᠬᠠᠩᠭᠠᠯᠭ᠎ᠠ ᠭᠦᠢᠴᠡᠳ ᠬᠠᠩᠭᠠᠯᠲᠠᠲᠠᠢ᠂ ᠦᠷᠭᠡᠨ ᠤᠯᠠᠨ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ  ᠤᠨ ᠱᠠᠭᠠᠷᠳᠠᠯᠭ᠎ᠠ ᠶᠢ ᠪᠠᠲᠤᠯᠠᠵᠤ ᠳᠡᠶᠢᠯᠦᠨ᠎ᠡ᠃ ᠪᠢᠳᠡ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠦᠴᠢᠷ ᠪᠡᠷᠬᠡ ᠶᠢ ᠢᠯᠠᠨ ᠳᠠᠪᠠᠵᠤ᠂ ᠪᠦᠬᠦ ᠬᠦᠴᠦᠨ ᠢᠶᠠᠷ ᠢᠶᠠᠨ ᠬᠢᠵᠢᠭ ᠢ ᠰᠡᠷᠭᠡᠶᠢᠯᠡᠨ ᠡᠰᠡᠷᠭᠦᠴᠡᠵᠦ᠂ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠢ ᠡᠷᠡᠰ ᠪᠠᠲᠤᠲᠠᠢ ᠰᠠᠶᠢᠲᠤᠷ ᠬᠢᠵᠡᠭᠡᠶ᠎ᠡ︕ ᠦᠷᠭᠡᠨ ᠤᠯᠠᠨ ᠰᠠᠭᠤᠭᠠᠯᠢ ᠠᠷᠠᠳ ᠤᠨ ᠳᠡᠮᠵᠢᠯᠭᠡ ᠪᠠ ᠬᠠᠮᠵᠢᠯᠴᠠᠭ᠎ᠠ ᠳᠤ ᠲᠠᠯᠠᠷᠬᠠᠯ᠎ᠠ᠃ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ2022 ᠣᠨ ᠤ 4 ᠰᠠᠷ᠎ᠠ ᠶᠢᠨ 11 ᠤ ᠡᠳᠦᠷ
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号