ᠴᠧᠨ ᠵᠠᠨ ᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ ᠪᠠᠶᠢᠴᠠᠭᠠᠵᠤ ᠵᠢᠭᠠᠨ ᠵᠢᠯᠤᠭᠤᠳᠬᠤ ᠳᠠᠭᠠᠨ ᠴᠢᠬᠤᠯᠠᠴᠢᠯᠠᠭᠰᠠᠨ ᠨᠢ᠄ ᠳᠠᠷᠤᠶᠢᠬᠠᠨ ᠬᠦᠳᠡᠯᠦᠯᠴᠡᠵᠦ᠂ ᠲᠤᠲᠠᠭᠤᠳᠠᠯ  ᠢᠶᠠᠨ ᠪᠠᠶᠢᠴᠠᠭᠠᠨ ᠨᠦᠬᠦᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠴᠢᠩᠭ᠎ᠠ ᠬᠤᠷᠢᠭᠯᠠᠯᠲᠠ ᠶᠢᠨ ᠱᠤᠭᠤᠮ ᠢ ᠡᠷᠡᠰ ᠪᠠᠲᠤᠵᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/4/2
        3 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠩᠱᠠᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ ᠪᠠᠶᠢᠴᠠᠭᠠᠵᠤ ᠵᠢᠭᠠᠨ ᠵᠢᠯᠤᠭᠤᠳᠬᠤ ᠳᠠᠭᠠᠨ ᠳᠠᠷᠤᠶᠢᠬᠠᠨ ᠬᠦᠳᠡᠯᠦᠯᠴᠡᠵᠦ᠂ ᠲᠤᠲᠠᠭᠤᠳᠠᠯ ᠢᠶᠠᠨ ᠪᠠᠶᠢᠴᠠᠭᠠᠨ ᠨᠦᠬᠦᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠴᠢᠩᠭ᠎ᠠ ᠬᠤᠷᠢᠭᠯᠠᠯᠲᠠ ᠶᠢᠨ ᠱᠤᠭᠤᠮ ᠢ ᠡᠷᠡᠰ ᠪᠠᠲᠤᠵᠢᠭᠤᠯᠬᠤ ᠬᠡᠷᠡᠭᠲᠡᠢ᠃        ᠴᠧᠨ ᠵᠠᠨ ᠢᠩ ᠨᠠᠷ ᠤᠷᠢᠳ ᠬᠤᠵᠢᠳ ᠰᠢ ᠲᠦᠨ ᠵᠡᠭᠡᠯᠢ ᠭᠤᠳᠤᠮᠵᠢ ᠶᠢᠨ ᠰᠢ ᠲᠦᠨ ᠰᠠᠭᠤᠭᠠᠯᠢ ᠲᠤᠭᠤᠷᠢᠭ᠂ ᠬᠤᠩᠱᠠᠨ ᠲᠣᠭᠤᠷᠢᠭ ᠤᠨ ᠬᠢᠵᠢᠭ ᠤᠨ ᠰᠡᠷᠭᠡᠶᠢᠯᠡᠯᠲᠡ ᠶᠢᠨ ᠲᠦᠪ ᠤᠨ ᠲᠣᠷᠰᠢᠯᠲᠠ ᠶᠢᠨ ᠲᠠᠰᠤᠭ᠂ ᠤᠯᠠᠭᠠᠨᠬᠠᠳᠠ ᠶᠢᠨ ᠳᠡᠭᠡᠳᠦ ᠬᠤᠷᠳᠤ ᠶᠢᠨ ᠵᠠᠮ ᠤᠨ ᠵᠡᠭᠦᠨ ᠡᠭᠦᠳᠡ᠂ ᠬᠦᠭᠦᠷᠭᠡᠨ ᠤᠮᠠᠷᠠᠳᠠᠬᠢ ᠵᠡᠭᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠤᠨ ᠶᠠᠩ ᠭᠤᠸᠠᠩ ᠰᠢ ᠸᠠᠩ ᠰᠠᠭᠤᠭᠠᠯᠢ ᠲᠣᠭᠤᠷᠢᠭ ᠵᠡᠷᠭᠡ ᠭᠠᠵᠠᠷ ᠲᠤ ᠪᠤᠳᠠᠲᠤ ᠭᠠᠵᠠᠷ ᠲᠤ ᠨᠢ ᠰᠤᠷᠪᠤᠯᠵᠢᠯᠠᠨ᠂ ᠬᠦᠮᠦᠨ ᠠᠮᠠ ᠶᠢᠨ ᠰᠠᠭᠤᠷᠢ ᠲᠤᠭ᠎ᠠ ᠶᠢᠨ ᠰᠢᠭᠰᠢᠨ ᠪᠠᠶᠢᠴᠠᠭᠠᠯᠲᠠ᠂ ᠪᠦᠭᠡᠮ ᠬᠦᠴᠢᠯ ᠤᠨ ᠪᠠᠶᠢᠴᠠᠭᠠᠯᠲᠠ ᠶᠢᠨ ᠴᠢᠳᠠᠮᠵᠢ᠂ ᠵᠠᠮ ᠬᠠᠷᠢᠯᠴᠠᠭᠠᠨ ᠤ ᠬᠤᠷᠢᠭ᠎ᠠ ᠪᠠᠶᠢᠴᠠᠭᠠᠯᠲᠠ ᠶᠢᠨ ᠲᠤᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠤᠶᠢᠯᠠᠭᠠᠬᠤ ᠶᠢᠨ ᠬᠠᠮᠲᠤ ᠳᠠᠷᠠᠭ᠎ᠠ ᠠᠯᠬᠤᠮ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠳᠤ ᠲᠤᠳᠤᠷᠬᠠᠢ ᠱᠠᠭᠠᠷᠳᠠᠯᠭ᠎ᠠ ᠳᠤᠷᠠᠳᠪᠠ᠃        ᠴᠧᠨ ᠵᠠᠨ ᠢᠩ ᠵᠢᠭᠠᠨ ᠭᠠᠷᠭᠠᠭᠠᠰᠠᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠦᠨ᠂ ᠤᠮᠳᠤᠭᠠᠶᠢᠯᠠᠵᠤ ᠪᠤᠯᠤᠰᠢ ᠦᠭᠡᠢ ᠤᠯᠤᠰ ᠲᠦᠷᠦ ᠶᠢᠨ ᠡᠭᠦᠷᠭᠡ ᠮᠦᠨ᠃ ᠪᠦᠬᠦ ᠲᠤᠭᠤᠷᠢᠭ ᠢᠶᠠᠷ ᠢᠶᠠᠨ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠴᠢᠷ ᠪᠤᠳᠤᠯᠢᠶᠠᠨᠲᠠᠢ ᠬᠠᠨᠳᠤᠰᠢ ᠪᠠᠶᠢᠳᠠᠯ ᠢ ᠭᠦᠨᠵᠡᠭᠡᠢ ᠤᠶᠢᠯᠠᠭᠠᠵᠤ᠂ ᠨᠠᠮ ᠤᠨ ᠲᠦᠪ ᠬᠤᠷᠢᠶᠠᠨ ᠤ ︽ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠬᠦ᠂ ᠲᠤᠲᠤᠷ᠎ᠠ ᠪᠠᠨ ᠦᠷᠪᠢᠰᠦᠬᠦ ᠶᠢ ᠪᠤᠯᠭᠤᠮᠵᠢᠯᠠᠬᠤ︾ ᠶᠡᠷᠦᠩᠬᠡᠢ ᠠᠷᠭ᠎ᠠ ᠪᠤᠳᠤᠯᠭ᠎ᠠ ᠪᠠ ︽ᠬᠦᠳᠡᠯᠦᠩᠭᠦᠢ ᠪᠠᠷ ᠪᠦᠬᠦᠨ ᠢ ᠤᠰᠠᠳᠬᠠᠬᠤ︾ ᠶᠡᠷᠦᠩᠬᠡᠢ ᠴᠢᠭᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠢ ᠭᠤᠷᠢᠳᠠᠯ ᠳᠡᠮᠡᠢ ᠲᠠᠶᠢᠪᠤᠰᠢᠷᠠᠯ ᠢ ᠲᠠᠰᠤ ᠲᠡᠪᠴᠢᠨ᠂ ᠠᠯᠭᠤᠷᠯᠠᠬᠤ ᠶᠢ ᠡᠷᠡᠰ ᠲᠡᠪᠴᠢᠵᠦ᠂ ᠰᠢᠭᠤᠷᠬᠠᠢ ᠠᠷᠭ᠎ᠠ ᠠᠪᠴᠠᠯ ᠠᠪᠴᠤ ᠳᠠᠷᠤᠶᠢᠬᠠᠨ ᠬᠡᠷᠡᠭᠵᠢᠭᠦᠯᠵᠦ᠂ ᠡᠯ᠎ᠡ ᠲᠦᠷᠦᠯ ᠤᠨ ᠠᠵᠢᠯ ᠢ ᠨᠠᠷᠢᠯᠢᠭᠵᠢᠭᠤᠯᠤᠨ᠂ ᠪᠤᠳᠠᠲᠠᠢ᠂ ᠴᠢᠩᠭ᠎ᠠ ᠠᠳᠬᠤᠵᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠦᠨᠡᠨᠬᠦ ᠡᠷᠡᠰ ᠪᠠᠲᠤᠵᠢᠭᠤᠯᠬᠤ ᠬᠡᠷᠡᠭᠲᠡᠢ᠃        ᠲᠤᠭᠤᠷᠢᠭ ᠤᠨ ᠤᠳᠤᠷᠢᠳᠤᠯᠭ᠎ᠠ ᠳ᠋ᠢᠶᠤᠤ ᡁᠢ ᠭᠠᠩ᠂ ᠢᠦᠢ ᠴᠦᠨ ᠢᠦᠢ᠂ ᠯᠢᠨ ᠢᠦᠢ ᠬᠤᠸᠠ᠂ ᠵᠠᠩ ᠬᠠᠢ ᠵᠢᠤᠸᠠᠨ ᠪᠠᠷ᠎ᠠ ᠪᠤᠯᠤᠯᠴᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号