ᠬᠤᠩᠱᠠᠨ ᠲᠣᠭᠤᠷᠢᠭ ᠤᠨ ᠵᠠᠰᠠᠭ ᠤᠨ ᠣᠷᠳᠤᠨ ᠪᠤᠯᠤᠨ ᠪᠡᠭᠡᠵᠢᠩ ᠤᠨ ᠴᠤᠸᠠᠩ ᠯᠢᠶᠠᠨ ᠰᠤᠷᠭᠠᠨ ᠬᠦᠮᠦᠵᠢᠯ ᠤᠨ ᠪᠡᠯᠡ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠡᠯᠡᠯᠴᠡᠭᠡᠷ ᠲᠤᠭᠲᠠᠪᠠ
ᠨᠡᠶᠢᠲᠡᠯᠡᠭᠰᠡᠨ ᠴᠠᠭ᠄
2022/4/25
          ᠴᠤᠸᠠᠩ ᠯᠢᠶᠠᠨ ᠪᠦᠯᠦᠭᠯᠡᠯ ᠪᠤᠯᠤᠨ ᠬᠤᠩᠱᠠᠨ ᠲᠣᠭᠤᠷᠢᠭ ᠤᠨ ᠵᠠᠰᠠᠭ ᠤᠨ ᠣᠷᠳᠤᠨ ᠠᠵᠢᠯ ᠤᠯᠭᠤᠯᠲᠠ᠂ ᠪᠤᠯᠪᠠᠰᠤᠷᠠᠭᠤᠯᠤᠯ ᠵᠡᠷᠭᠡ ᠲᠠᠯ᠎ᠠ ᠶᠢᠨ ᠪᠦᠬᠦ ᠤᠷᠤᠨ ᠬᠡᠴᠡ ᠶᠢᠨ ᠬᠠᠮᠵᠢᠯᠴᠠᠭ᠎ᠠ ᠦᠷᠨᠢᠭᠦᠯᠵᠦ ᠬᠦᠳᠡᠯᠮᠦᠷᠢ ᠬᠦᠴᠦᠨ ᠤ ᠡᠬᠢ ᠪᠠᠶᠠᠯᠢᠭ ᠤᠨ ᠠᠵᠢᠯ ᠶᠠᠪᠤᠳᠠᠯ ᠤᠨ ᠪᠦᠬᠦ ᠤᠯᠤᠰ ᠤᠨ ᠲᠤᠰᠢᠶᠠᠵᠤ ᠲᠥᠯᠦᠪᠦᠷᠢᠯᠡᠬᠦ ᠲᠦᠪ᠂ ᠠᠵᠢᠯ ᠮᠡᠷᠭᠡᠵᠢᠯ ᠤᠨ ᠪᠤᠯᠪᠠᠰᠤᠷᠠᠭᠤᠯᠤᠯ ᠤᠨ ᠦᠪᠦᠷ ᠮᠤᠩᠭᠤᠯ ᠤᠨ ᠦᠢᠯᠡᠴᠢᠯᠡᠭᠡᠨ ᠤ ᠲᠦᠪ ᠵᠢᠴᠢ ᠶᠡᠷᠦᠩᠬᠡᠶᠢᠯᠡᠭᠰᠡᠨ ᠡᠵᠡᠩᠨᠡᠯᠲᠡ ᠶᠢᠨ ᠵᠢᠱᠢᠶ᠎ᠡ ᠦᠵᠡᠭᠦᠯᠬᠦ ᠲᠦᠪ ᠢ ᠬᠠᠮᠲᠤᠪᠡᠷ ᠴᠤᠭᠴᠠᠯᠠᠪᠠ᠃ ᠡᠭᠦᠨ ᠤ ᠬᠠᠮᠲᠤ᠂ ᠠᠵᠢᠯ ᠮᠡᠷᠭᠡᠵᠢᠯ ᠤᠨ ᠪᠤᠯᠪᠠᠰᠤᠷᠠᠭᠤᠯᠤᠯ ᠤᠨ ᠰᠤᠷᠭᠠᠭᠤᠯᠢ ᠵᠡᠷᠭᠡ ᠪᠠᠷ ᠠᠴᠢᠶᠠᠯᠠᠭᠴᠢ ᠪᠣᠯᠭᠠᠨ ᠰᠢᠨ᠎ᠡ ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠤᠷᠤᠯᠳᠤᠭᠠᠨ ᠮᠦᠷᠦᠶᠢᠴᠡᠭᠡᠨ᠂ ᠦᠨᠡᠯᠡᠯᠲᠡ᠂ ᠠᠵᠢᠯ ᠤᠯᠭᠤᠯᠲᠠ᠂ ᠦᠭᠦᠯᠡᠯ  ᠤᠨ ᠲᠠᠪᠴᠠᠩ᠂ ᠦᠷᠭᠦᠯᠵᠢᠯᠡᠯ ᠰᠤᠷᠭᠠᠨ ᠬᠦᠮᠦᠵᠢᠯ ᠤᠨ ᠪᠦᠬᠦ ᠬᠡᠯᠬᠢᠶᠡᠰᠦ ᠳᠤ ᠠᠵᠢᠯ ᠶᠠᠪᠤᠳᠠᠯ ᠦᠷᠨᠢᠭᠦᠯᠪᠡ᠃ ᠴᠤᠸᠠᠩ ᠯᠢᠶᠠᠨ ᠰᠤᠷᠭᠠᠨ ᠬᠦᠮᠦᠵᠢᠯ ᠤᠨ ᠪᠦᠯᠦᠭᠯᠡᠯ ᠪᠠᠰᠠ ᠦᠪᠡᠷ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ ᠬᠤᠩᠱᠠᠨ ᠲᠣᠭᠤᠷᠢᠭ ᠲᠤ ᠨᠢᠭᠡ ᠪᠦᠯᠦᠭ ᠬᠤᠩᠱᠠᠨ ᠲᠤᠭᠤᠷᠢᠭ ᠤᠨ ᠦᠪᠡᠷᠮᠢᠴᠡ ᠤᠨᠴᠠᠯᠢᠭ ᠲᠤ ᠲᠤᠬᠢᠷᠠᠭᠰᠠᠨ ᠰᠠᠶᠢᠨ ᠲᠦᠷᠦᠯ ᠵᠦᠢᠯ ᠢ ᠤᠷᠢᠨ ᠤᠷᠤᠭᠤᠯᠵᠤ᠂ ᠬᠤᠩᠱᠠᠨ ᠳᠤ ᠰᠠᠭᠤᠷᠢᠯᠠᠨ ᠦᠪᠦᠷ ᠮᠤᠩᠭᠤᠯ ᠤᠨ ᠵᠡᠭᠦᠨ ᠬᠡᠰᠡᠭ ᠲᠤ ᠦᠢᠯᠡᠴᠢᠯᠡᠵᠦ᠂ ᠪᠦᠬᠦ ᠤᠯᠤᠰ ᠤᠨ ᠠᠵᠢᠯ ᠮᠡᠷᠭᠡᠵᠢᠯ ᠤᠨ ᠪᠤᠯᠪᠠᠰᠤᠷᠠᠭᠤᠯᠤᠯ ᠪᠠ ᠬᠦᠳᠡᠯᠮᠦᠷᠢ ᠬᠦᠴᠦᠨ ᠤ ᠡᠬᠢ ᠪᠠᠶᠠᠯᠢᠭ ᠤᠨ  ᠦᠢᠯᠡᠴᠢᠯᠡᠭᠡ ᠶᠢ ᠨᠦᠯᠦᠭᠡᠯᠡᠭᠰᠡᠨ ᠬᠤᠩᠱᠠᠨ ᠤ ᠬᠡᠯᠪᠡᠷᠢ ᠶᠢ ᠪᠦᠷᠢᠯᠳᠦᠭᠦᠯᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号