ᠬᠤᠩᠱᠠᠨ ᠲᠣᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠷᠤᠯᠠᠨ ᠭᠦᠢᠴᠡᠳᠬᠡᠬᠦ ᠵᠠᠭᠤᠴᠢ ᠪᠠᠶᠢᠭᠤᠯᠤᠮᠵᠢ ᠳᠤ ᠲᠤᠰᠬᠠᠢ ᠴᠡᠭᠴᠡᠯᠡᠯᠲᠡ ᠶᠢᠨ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2022/4/26
         2 ᠰᠠᠷ᠎ᠠ ᠶᠢᠨ 11 ᠤ ᠡᠳᠦᠷ ᠠᠴᠠ ᠨᠠᠰᠢ ᠬᠤᠩᠱᠠᠨ ᠲᠣᠭᠤᠷᠢᠭ ᠤᠨ ᠤᠯᠠᠨ ᠰᠠᠯᠠᠭ᠎ᠠ ᠮᠦᠴᠢᠷ ᠬᠤᠯᠪᠤᠭᠠᠯᠠᠨ ᠵᠠᠭᠤᠴᠢ ᠶᠢᠨ ᠤᠷᠤᠯᠠᠨ ᠭᠦᠢᠴᠡᠳᠬᠡᠬᠦ ᠦᠢᠯᠡᠴᠢᠯᠡᠭᠡᠨ ᠤ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢᠨ ᠠᠵᠢᠯᠯᠠᠭᠠᠨ ᠢ ᠵᠤᠬᠢᠶᠠᠨ ᠪᠠᠶᠢᠭᠤᠯᠵᠤ ᠦᠷᠨᠢᠭᠦᠯᠦᠨ᠂ ᠬᠠᠤᠯᠢ ᠪᠤᠰᠤ ᠪᠠᠷ ᠳᠡᠩᠰᠠᠯᠠᠨ ᠤᠷᠤᠯᠠᠨ ᠭᠦᠢᠴᠡᠳᠬᠡᠬᠦ ᠦᠢᠯᠡᠴᠢᠯᠡᠭᠡ ᠦᠷᠨᠢᠭᠦᠯᠬᠦ᠂ ᠦᠨ᠎ᠡ ᠬᠠᠩᠰᠢ ᠨᠢ ᠢᠯᠡ ᠪᠤᠰᠤ᠂ ᠳᠤᠷ᠎ᠠ ᠪᠠᠷ ᠫᠠᠶᠢᠰᠠ ᠢᠯᠡᠷᠬᠡᠶᠢᠯᠡᠯ ᠭᠠᠷᠭᠠᠬᠤ ᠵᠢᠴᠢ ᠬᠤᠯᠪᠤᠭᠠᠯᠠᠨ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠵᠡᠷᠭᠡ ᠳᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠦᠢᠯᠡᠴᠢᠯᠡᠭᠡᠨ ᠤ ᠴᠤᠩᠬᠤᠪᠴᠢ ᠳᠤ ᠠᠯᠪᠠᠨ ᠨᠡᠶᠢᠲᠡᠯᠡᠯ ᠭᠠᠷᠭᠠᠨ᠂ ᠬᠢᠨᠠᠯᠲᠠ ᠲᠠᠯᠪᠢᠬᠤ ᠢᠯᠡᠴᠢᠯᠡᠨ ᠮᠡᠳᠡᠭᠦᠯᠬᠦ ᠤᠲᠠᠰᠤ ᠶᠢ ᠢᠯᠡ ᠨᠡᠶᠢᠲᠡᠯᠡᠵᠦ᠂ ᠢᠯᠡᠴᠢᠯᠡᠨ ᠮᠡᠳᠡᠭᠦᠯᠬᠦ ᠵᠠᠮ ᠰᠤᠪᠠᠭ ᠢ ᠢᠯᠭᠤᠮ ᠨᠡᠪᠲᠡᠷᠡᠭᠦᠯᠵᠦ᠂ ᠬᠠᠤᠯᠢ ᠪᠤᠰᠤ ᠪᠠᠷ ᠳᠠᠩᠰᠠᠯᠠᠨ ᠤᠷᠤᠯᠠᠨ ᠭᠦᠢᠴᠡᠳᠬᠡᠬᠦ ᠠᠵᠢᠯ ᠶᠠᠪᠤᠳᠠᠯ ᠦᠷᠨᠢᠭᠦᠯᠬᠦ ᠵᠢᠴᠢ ᠡᠵᠡᠩᠨᠡᠯᠲᠡ ᠶᠢᠨ ᠠᠵᠢᠯᠯᠠᠭ᠎ᠠ ᠳᠤᠮᠳᠠ ᠳᠤᠷ᠎ᠠ ᠪᠠᠷ ᠰᠦᠢᠳᠬᠡᠯ ᠬᠤᠷᠢᠶᠠᠬᠤ ᠵᠡᠷᠭᠡ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠡᠷᠡᠰ ᠴᠣᠬᠢᠯᠲᠠ ᠦᠭᠪᠡ᠃ ᠤᠷᠢᠳ ᠬᠤᠵᠢᠳ ᠤᠷᠤᠯᠠᠨ ᠭᠦᠢᠴᠡᠳᠬᠡᠬᠦ ᠡᠵᠡᠩᠨᠡᠯᠲᠡ ᠶᠢᠨ ᠭᠤᠣᠯ ᠴᠣᠭᠴᠠ ᠵᠢᠴᠢ ᠠᠷᠠᠯᠵᠢᠶᠠᠨ ᠤ ᠶᠠᠪᠤᠳᠠᠯ ᠤᠨ ᠦᠢᠯᠡᠴᠢᠯᠡᠭᠡᠨ ᠤ ᠤᠷᠤᠯᠠᠨ ᠭᠦᠢᠴᠡᠳᠬᠡᠬᠦ ᠡᠵᠡᠩᠨᠡᠯᠲᠡ ᠶᠢᠨ ᠠᠵᠢᠯᠯᠠᠭ᠎ᠠ ᠶᠢ ᠰᠢᠭᠰᠢᠨ ᠪᠠᠶᠢᠴᠠᠭᠠᠵᠤ ᠬᠤᠯᠪᠤᠭᠳᠠᠯ ᠪᠦᠬᠦᠢ ᠤᠷᠤᠯᠠᠨ ᠭᠦᠢᠴᠡᠳᠬᠡᠬᠦ ᠳᠠᠩᠰᠠ᠂ ᠠᠯᠪᠠᠨ ᠲᠠᠮᠠᠭ᠎ᠠ ᠰᠠᠶᠢᠯᠦᠮᠡᠯ᠂ ᠦᠰᠦᠭ ᠴᠤᠬᠢᠬᠤ ᠳᠠᠷᠤᠮᠠᠯᠯᠠᠬᠤ ᠵᠡᠷᠭᠡ ᠵᠠᠬ᠎ᠠ ᠳᠡᠯᠭᠡᠭᠦᠷ ᠤᠨ ᠭᠤᠣᠯ ᠴᠤᠭᠴᠠ 233 ᠡᠷᠦᠬᠡ ᠶᠢ ᠪᠠᠶᠢᠴᠠᠭᠠᠵᠤ᠂ 12 ᠴᠡᠭᠴᠡᠯᠡᠨ ᠵᠠᠰᠠᠯᠲᠠ ᠶᠢᠨ ᠮᠡᠳᠡᠭᠳᠡᠯ ᠪᠠᠭᠤᠯᠭᠠᠵᠤ᠂ 3 ᠦᠨ᠎ᠡ ᠬᠠᠩᠰᠢ  ᠶᠢᠨ ᠬᠠᠤᠯᠢ ᠵᠦᠷᠢᠴᠡᠭᠰᠡᠨ ᠬᠡᠷᠡᠭ ᠢ ᠳᠠᠩᠰᠠᠯᠠᠨ ᠪᠠᠶᠢᠴᠠᠭᠠᠵᠤ᠂  2 ᠦᠨ᠎ᠡ ᠬᠠᠩᠰᠢ ᠨᠢ ᠲᠤᠳᠤᠷᠬᠠᠢ ᠦᠭᠡᠢ ᠠᠵᠢᠯᠯᠠᠭ᠎ᠠ ᠶᠢ ᠲᠤᠬᠠᠢ ᠶᠢᠨ ᠲᠠᠯᠠᠪᠠᠢ ᠳᠤ ᠨᠢ ᠳᠤᠷᠭᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号