︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠤᠯᠤᠮᠵᠢ
ᠨᠡᠶᠢᠲᠡᠯᠡᠭᠰᠡᠨ ᠴᠠᠭ᠄
2022/4/29
        ᠤᠳᠤᠬᠠᠨ ᠳᠤ ᠮᠠᠨ ᠤ ᠤᠯᠤᠰ ᠤᠨ ᠬᠢᠵᠢᠭ ᠤᠨ ᠪᠠᠶᠢᠳᠠᠯ ᠮᠦᠨ ᠬᠦ ᠬᠦᠴᠢᠷ ᠲᠦᠪᠡᠭᠲᠡᠢ ᠪᠠᠶᠢᠭᠰᠠᠭᠠᠷ᠂ ᠴᠡᠭ ᠨᠢ ᠣᠯᠠᠨ᠂ ᠲᠠᠯᠠᠪᠠᠢ ᠨᠢ ᠶᠡᠭᠡ᠂ ᠲᠠᠬᠢᠨ ᠲᠠᠪᠳᠠᠨ ᠡᠭᠦᠰᠴᠦ ᠪᠠᠶᠢᠬᠤ ᠤᠨᠴᠠᠯᠢᠭ ᠲᠠᠢ᠃ ︽ᠲᠠᠪᠤᠨ ᠰᠠᠷ᠎ᠠ  ᠶᠢᠨ ᠨᠢᠭᠡᠨ︾ ᠤ ᠠᠮᠠᠷᠠᠯᠲᠠ ᠬᠦᠷᠴᠦ ᠢᠷᠡᠯ᠎ᠡ᠂ ᠬᠦᠮᠦᠨ ᠬᠠᠷ᠎ᠠ ᠶᠢᠨ ᠶᠠᠪᠤᠵᠤ ᠰᠠᠭᠤᠬᠤ ᠤᠯᠠᠰᠢᠷᠠᠨ᠂ ᠬᠤᠷᠠᠵᠤ ᠲᠦᠪᠯᠡᠷᠡᠬᠦ ᠨᠢ ᠴᠦ ᠤᠯᠠᠰᠢᠷᠠᠬᠤ ᠪᠤᠯᠤᠨ᠎ᠠ᠂ ᠬᠢᠵᠢᠭ ᠤᠷᠤᠵᠤ ᠢᠷᠡᠬᠦ ᠪᠠ ᠦᠷᠭᠡᠵᠢᠵᠦ ᠲᠠᠷᠬᠠᠬᠤ ᠠᠶᠤᠯ ᠲᠦᠭᠰᠢᠭᠦᠷᠢ ᠶᠢ ᠦᠴᠦᠬᠡᠨ ᠴᠦ ᠤᠮᠳᠤᠭᠠᠶᠢᠯᠠᠵᠤ ᠪᠣᠯᠬᠤ ᠦᠭᠡᠢ᠃ ᠦᠷᠭᠡᠨ ᠤᠯᠠᠨ ᠬᠤᠲᠠ ᠶᠢᠨ ᠠᠷᠠᠳ ᠤᠨ ᠡᠷᠡᠭᠦᠯ ᠴᠢᠬᠢᠷᠠᠭ᠂ ᠪᠠᠶᠠᠷ ᠪᠠᠭ᠋ᠠᠲᠤᠯᠲᠤ᠂ ᠠᠮᠤᠷ ᠲᠦᠪᠰᠢᠨ ᠠᠮᠠᠷᠠᠯᠲᠠ ᠶᠢᠨ ᠬᠤᠭᠤᠴᠠᠭ᠎ᠠ ᠶᠢ ᠪᠠᠲᠤᠯᠠᠬᠤ ᠶᠢᠨ ᠲᠥᠯᠦᠭᠡ᠂ ᠤᠯᠠᠭᠠᠨᠬᠠᠳᠠ ᠬᠤᠲᠠ ᠶᠢᠨ ᠡᠪᠡᠳᠴᠢᠨ ᠬᠢᠵᠢᠭ ᠢ ᠤᠷᠢᠳᠴᠢᠯᠠᠨ ᠰᠡᠷᠭᠡᠶᠢᠯᠡᠬᠦ ᠲᠦᠪ ᠲᠠᠨ ᠳᠤ ᠰᠠᠨᠠᠭᠤᠯᠵᠤ ᠪᠠᠶᠢᠨ᠎ᠠ᠄        ᠨᠢᠭᠡ᠂ ᠪᠣᠯᠪᠠᠰᠤᠨ ᠢᠶᠠᠷ ᠶᠠᠪᠤᠵᠤ ᠰᠠᠭᠤᠬᠤ ᠶᠢ ᠡᠷᠬᠢᠮᠯᠡᠶ᠎ᠡ        ᠦᠷᠭᠡᠨ ᠣᠯᠠᠨ ᠬᠤᠲᠠ ᠶᠢᠨ ᠠᠷᠠᠳ ᠴᠢᠬᠤᠯᠠ ᠦᠭᠡᠢ ᠪᠣᠯ ᠤᠯᠠᠭᠠᠨᠬᠠᠳᠠ ᠠᠴᠠ ᠭᠠᠷᠬᠤ ᠦᠭᠡᠢ᠂ ᠤᠨᠴᠠᠭᠠᠶᠢᠯᠠᠨ ᠳᠤᠮᠳᠠᠳᠤ ᠦᠨᠳᠦᠷ ᠲᠦᠭᠰᠢᠭᠦᠷᠢᠲᠦ ᠭᠠᠵᠠᠷ ᠣᠷᠤᠨ ᠳᠤ ᠣᠴᠢᠬᠤ ᠦᠭᠡᠢ᠂ ᠣᠴᠢᠬᠤ ᠠᠴᠠ ᠪᠠᠨ ᠡᠮᠦᠨ᠎ᠡ ᠤᠴᠢᠬᠤ ᠭᠠᠵᠠᠷ ᠣᠷᠤᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠭᠲᠠᠭᠠᠯ ᠢ ᠣᠷᠢᠳᠴᠢᠯᠠᠨ ᠤᠶᠢᠯᠠᠭᠠᠵᠤ᠂ ᠬᠤᠪᠢ ᠪᠡᠶ᠎ᠡ ᠶᠢᠨ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃        ᠬᠤᠶᠠᠷ᠂ ᠬᠤᠪᠢ ᠪᠡᠶ᠎ᠡ ᠶᠢᠨ ᠰᠡᠷᠭᠡᠶᠢᠯᠡᠨ ᠬᠠᠮᠠᠭᠠᠯᠠᠯᠲᠠ ᠪᠠᠨ ᠴᠢᠩᠭᠠᠳᠬᠠᠶ᠎ᠠ        ︵ᠨᠢᠭᠡ︶ ᠠᠮᠠᠪᠴᠢ ᠪᠠᠨ ᠵᠡᠭᠦᠵᠦ᠂ ᠭᠠᠷ ᠢᠶᠠᠨ ᠦᠷᠭᠦᠯᠵᠢ ᠤᠭᠢᠶᠠᠵᠤ᠂ ᠰᠠᠯᠬᠢ ᠨᠡᠪᠲᠡᠷᠡᠭᠦᠯᠦᠨ᠂ ᠠᠷᠢᠭᠤᠳᠬᠠᠯ ᠬᠢᠬᠦ ᠵᠡᠷᠭᠡ ᠡᠷᠡᠭᠦᠯ ᠠᠮᠢᠳᠤᠷᠠᠯ ᠤᠨ ᠳᠠᠳᠬᠠᠯ ᠢ ᠪᠠᠷᠢᠮᠲᠠᠯᠠᠬᠤ ᠬᠡᠷᠡᠭᠲᠡᠢ᠃        ︵ᠬᠤᠶᠠᠷ︶ ᠴᠢᠬᠤᠯᠠ ᠦᠭᠡᠢ ᠪᠣᠯ ᠬᠢᠯᠢ ᠶᠢᠨ ᠭᠠᠳᠠᠨᠠᠬᠢ ᠪᠤᠶᠤ ᠳᠤᠮᠳᠠᠳᠤ ᠦᠨᠳᠦᠷ ᠲᠦᠭᠰᠢᠭᠦᠷᠢᠲᠦ ᠣᠷᠤᠨ ᠤ ᠲᠠᠸᠠᠷ ᠢ ᠬᠤᠳᠠᠯᠳᠤᠨ ᠠᠪᠬᠤ ᠦᠭᠡᠢ᠂ ᠪᠤᠭᠤᠳᠠᠯ ᠠᠪᠬᠤ ᠥᠶᠡᠰ ᠠᠷᠢᠭᠤᠳᠬᠠᠵᠤ᠂ ᠡᠭᠦᠨ ᠤ ᠬᠠᠮᠲᠤ ᠨᠢᠭᠡ ᠤᠳᠠᠭᠠᠨ ᠤ ᠴᠢᠨᠠᠷᠲᠠᠢ ᠠᠮᠠᠪᠴᠢ ᠪᠤᠶᠤ ᠪᠡᠭᠡᠯᠡᠢ ᠵᠡᠭᠦᠨ᠎ᠡ᠃        ︵ᠭᠤᠷᠪᠠ︶ ᠭᠠᠳᠠᠭᠰᠢ ᠭᠠᠷᠴᠤ ᠡᠳ᠋ ᠪᠠᠷᠠᠭ᠎ᠠ ᠬᠤᠳᠠᠯᠳᠤᠨ ᠠᠪᠬᠤ ᠳᠤ ᠪᠠᠨ ᠳᠦᠷᠢᠮᠵᠢᠭᠰᠡᠨ᠂ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠰᠠᠶᠢᠲᠤᠷ ᠨᠠᠶᠢᠳᠠᠪᠤᠷᠢᠵᠢᠭᠤᠯᠵᠤ ᠪᠠᠶᠢᠭ᠎ᠠ ᠬᠠᠮ ᠳᠡᠯᠭᠡᠭᠦᠷ ᠢ ᠰᠤᠩᠭᠤᠨ᠂ ᠶᠠᠭᠤᠮ᠎ᠠ ᠬᠤᠳᠠᠯᠳᠤᠨ ᠠᠪᠬᠤ ᠳᠤ ᠪᠠᠨ ᠭᠠᠷ ᠢᠶᠠᠨ ᠰᠢᠭᠤᠳ ᠬᠦᠷᠦᠯᠴᠡᠭᠦᠯᠬᠦ ᠦᠭᠡᠢ ᠪᠠᠶᠢᠬᠤ ᠬᠡᠷᠡᠭᠲᠡᠢ᠃        ︵ᠳᠦᠷᠪᠡ︶ ᠬᠦᠮᠦᠨ ᠬᠠᠷ᠎ᠠ ᠬᠡᠲᠦ ᠲᠦᠪᠯᠡᠷᠡᠭᠰᠡᠨ ᠭᠠᠵᠠᠷ ᠤᠴᠢᠬᠤ ᠠᠴᠠ ᠵᠠᠶᠢᠯᠠᠰᠬᠢᠵᠤ᠂ ᠮᠦᠷᠯᠡᠬᠦ ᠳᠤ  ᠪᠠᠨ ︽ᠨᠢᠭᠡ ᠮᠧᠲᠷ ᠤᠨ ᠵᠠᠢ︾ ᠶᠢ ᠪᠠᠷᠢᠮᠲᠠᠯᠠᠬᠤ ᠬᠡᠷᠡᠭᠲᠡᠢ᠃        ︵ᠲᠠᠪᠤ︶ ᠬᠤᠪᠢ ᠬᠦᠮᠦᠨ ᠪᠠ ᠭᠡᠷ ᠪᠦᠯᠢ ᠶᠢᠨ ᠬᠢᠨ ᠤ ᠪᠠᠨ ᠪᠡᠶ᠎ᠡ ᠮᠠᠬᠠᠪᠤᠳ ᠤᠨ ᠡᠷᠡᠭᠦᠯ ᠴᠢᠬᠢᠷᠠᠭ  ᠤᠨ ᠪᠠᠶᠢᠳᠠᠯ ᠢ ᠴᠠᠭ ᠲᠤᠬᠠᠢ ᠳᠤ ᠠᠩᠬᠠᠷᠤᠨ ᠬᠠᠯᠠᠮᠵᠢᠯᠠᠵᠤ᠂ ᠬᠡᠷᠪᠡ ᠬᠠᠯᠠᠭᠤᠷᠠᠬᠤ᠂ ᠬᠠᠨᠢᠶᠠᠯᠭᠠᠬᠤ᠂ ᠲᠠᠮᠢᠷᠳᠠᠬᠤ ᠵᠡᠷᠭᠡ ᠢᠯᠡᠷᠡᠯ ᠭᠠᠷᠪᠠᠯ᠂ ᠳᠠᠷᠤᠢ ᠲᠦᠷᠭᠡᠨ ᠤᠶᠢᠷ᠎ᠠ ᠣᠷᠴᠢᠮ ᠤᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠴᠢᠯᠡᠭᠦᠯᠬᠦ ᠬᠡᠷᠡᠭᠲᠡᠢ᠂ ᠡᠮᠴᠢᠯᠡᠭᠦᠯᠬᠦ ᠪᠠᠷ ᠶᠠᠪᠤᠬᠤ ᠳᠤ ᠪᠠᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢ ᠰᠤᠩᠭᠤᠵᠤ ᠪᠤᠯᠬᠤ ᠦᠭᠡᠢ᠃        ᠭᠤᠷᠪᠠ᠂ ᠸᠢᠺᠼᠢᠨ ᠤ ᠲᠠᠷᠢᠯᠭ᠎ᠠ ᠶᠢ ᠢᠳᠡᠪᠬᠢᠲᠡᠢ ᠲᠠᠷᠢᠭᠤᠯᠤᠶ᠎ᠠ        ᠸᠢᠺᠼᠢᠨ ᠤ ᠲᠠᠷᠢᠯᠭ᠎ᠠ ᠲᠠᠷᠢᠭᠤᠯᠬᠤ ᠪᠣᠯ ᠰᠢᠨ᠎ᠡ ᠲᠢᠲᠡᠮᠯᠢᠭ ᠠᠭᠤᠰᠬᠢᠨ ᠦᠷᠪᠢᠰᠦᠯ ᠢ ᠤᠷᠢᠳᠴᠢᠯᠠᠨ ᠰᠡᠷᠭᠡᠶᠢᠯᠡᠬᠦ ᠬᠠᠮᠤᠭ ᠬᠦᠴᠦᠨ ᠲᠡᠭᠦᠯᠳᠡᠷ ᠠᠷᠭ᠎ᠠ ᠠᠪᠴᠠᠯ ᠪᠣᠯᠤᠨ᠎ᠠ᠂ ᠲᠠᠷᠢᠯᠭ᠎ᠠ ᠲᠠᠷᠢᠭᠤᠯᠬᠤ ᠨᠦᠬᠦᠴᠡᠯ ᠳᠤ ᠨᠡᠶᠢᠴᠡᠭᠰᠡᠳ ᠠᠯᠢ ᠴᠢᠳᠠᠬᠤ ᠪᠠᠷ ᠢᠵᠢᠯ ᠲᠦᠷᠦᠯ ᠤᠨ ᠸᠢᠺᠼᠢᠨ ᠤ ᠲᠠᠷᠢᠯᠭ᠎ᠠ ᠪᠤᠶᠤ ᠪᠤᠰᠤᠳ ᠲᠦᠷᠦᠯ ᠤᠨ ᠸᠢᠺᠼᠢᠨ ᠤ ᠲᠠᠷᠢᠯᠭ᠎ᠠ ᠶᠢ ᠴᠢᠩᠭᠠᠳᠬᠠᠬᠤ ᠬᠡᠷᠡᠭᠲᠡᠢ᠃        ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠯᠲᠡ ᠪᠣᠯ ᠬᠠᠷᠢᠭᠤᠴᠠᠯᠭ᠎ᠠ ᠮᠦᠨ᠂ ᠬᠢᠵᠢᠭ ᠢ ᠡᠰᠡᠷᠭᠦᠴᠡᠬᠦ ᠲᠡᠮᠡᠴᠡᠯ ᠮᠦᠨ ᠬᠦ ᠦᠷᠭᠦᠯᠵᠢᠯᠡᠭᠰᠡᠭᠡᠷ᠂ ᠡᠨᠡ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠡᠷᠬᠡᠪᠰᠢ ᠪᠢᠳᠡ ᠪᠦᠭᠦᠳᠡ ᠶᠢᠨ ᠬᠠᠮᠲᠤ ᠶᠢᠨ ᠴᠢᠷᠮᠠᠶᠢᠯᠭ᠎ᠠ ᠳᠤ ᠲᠦᠰᠢᠭᠯᠡᠵᠦ᠂ ᠡᠷᠡᠭᠦᠯ ᠴᠢᠬᠢᠷᠠᠭ ᠲᠠᠷᠬᠠᠯᠠᠭ᠎ᠠ ᠶᠢᠨ ᠬᠠᠯᠬᠠᠪᠴᠢ ᠶᠢ ᠬᠠᠮᠲᠤᠪᠡᠷ ᠴᠤᠭᠴᠠᠯᠠᠵᠤ᠂  ᠬᠢᠯᠪᠡᠷ ᠪᠤᠰᠤ ᠪᠠᠷ ᠢᠷᠡᠭᠰᠡᠨ ᠬᠢᠵᠢᠭ ᠤᠨ ᠰᠡᠷᠭᠡᠶᠢᠯᠡᠯᠲᠡ ᠶᠢᠨ ᠦᠷ᠎ᠡ ᠪᠦᠲᠦᠭᠡᠯ ᠢ ᠬᠠᠮᠠᠭᠠᠯᠠᠬᠤ ᠬᠡᠷᠡᠭᠲᠡᠢ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号