ᠴᠧᠨ ᠵᠠᠨ ᠢᠩ ᠤᠢ ᠰᠢᠭᠤᠢ ᠶᠢᠨ ᠭᠠᠯ ᠤᠨ ᠠᠶᠤᠯ ᠢ ᠰᠡᠷᠭᠡᠶᠢᠯᠡᠨ ᠵᠠᠰᠠᠬᠤ ᠠᠵᠢᠯ ᠳᠤ ᠭᠡᠨᠡᠳᠲᠡ ᠶᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/4/6
        4 ᠰᠠᠷ᠎ᠠ ᠶᠢᠨ 3 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ ︽ᠳᠦᠷᠪᠡᠨ ᠦᠭᠡᠢ ᠬᠤᠶᠠᠷ ᠰᠢᠭᠤᠳ︾ ᠠᠷᠭ᠎ᠠ  ᠪᠠᠷ ᠬᠤᠩᠱᠠᠨ ᠲᠣᠭᠤᠷᠢᠭ ᠤᠨ ᠤᠯᠤᠰ ᠤᠨ ᠤᠢ ᠰᠢᠭᠤᠢ ᠶᠢᠨ ᠴᠡᠴᠡᠷᠯᠢᠭ ᠲᠤ ᠤᠢ ᠰᠢᠭᠤᠢ ᠶᠢᠨ ᠭᠠᠯ ᠤᠨ ᠠᠶᠤᠯ ᠢ ᠰᠡᠷᠭᠡᠶᠢᠯᠡᠨ ᠵᠠᠰᠠᠬᠤ ᠠᠵᠢᠯ ᠢ ᠱᠠᠪᠳᠠᠨ ᠪᠠᠶᠢᠴᠠᠭᠠᠵᠤ ᠵᠢᠭᠠᠨ ᠵᠢᠯᠤᠭᠤᠳᠪᠠ᠂ ᠡᠷᠬᠡᠪᠰᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠳᠠᠷᠤᠯᠲᠠᠲᠤ ᠰᠡᠳᠬᠢᠯᠭᠡ ᠪᠠᠷ᠂ ᠮᠢᠨᠴᠦᠭᠦᠷᠡᠮᠡᠯ ᠦᠵᠡᠯ ᠰᠠᠨᠠᠭ᠎ᠠ ᠪᠠ ᠠᠵᠠ ᠬᠠᠷᠠᠬᠤ ᠰᠡᠳᠬᠢᠯᠭᠡ ᠶᠢ ᠡᠷᠡᠰ ᠲᠡᠪᠴᠢᠵᠦ᠂ ᠠᠰᠠᠭᠤᠳᠠᠯ ᠢ ᠡᠷᠲᠡᠬᠡᠨ ᠢᠯᠡᠷᠡᠭᠦᠯᠬᠦ ᠶᠢ ᠪᠠᠷᠢᠮᠲᠠᠯᠠᠨ᠂ ᠰᠡᠷᠭᠡᠶᠢᠯᠡᠯᠲᠡ ᠪᠠᠨ ᠴᠢᠩᠭᠠᠳᠬᠠᠵᠤ᠂ ᠪᠦᠬᠦ ᠠᠷᠠᠳ ᠢᠶᠠᠷ ᠢᠶᠠᠨ ᠬᠦᠳᠡᠯᠦᠯᠴᠡᠵᠦ᠂ ᠤᠢ ᠰᠢᠭᠤᠢ ᠶᠢᠨ ᠭᠠᠯ ᠤᠨ ᠠᠶᠤᠯ ᠢ ᠰᠡᠷᠭᠡᠶᠢᠯᠡᠬᠦ ᠡᠯ᠎ᠡ ᠲᠦᠷᠦᠯ ᠤᠨ ᠳᠦᠷᠢᠮ ᠲᠤᠭᠲᠠᠭᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠭᠠᠯ ᠤᠨ ᠠᠶᠤᠯ ᠤᠨ ᠭᠡᠮ ᠰᠤᠭᠤᠭ ᠢ ᠴᠢᠩᠭ᠎ᠠ ᠰᠡᠷᠭᠡᠶᠢᠯᠡᠵᠦ᠂ ᠤᠢ ᠰᠢᠭᠤᠢ ᠶᠢᠨ ᠡᠬᠢ ᠪᠠᠶᠠᠯᠢᠭ ᠪᠠ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠶᠦᠯᠭᠦᠢ ᠶᠢ ᠡᠷᠡᠰ ᠬᠠᠮᠠᠭᠠᠯᠠᠬᠤ ᠬᠡᠷᠡᠭᠲᠡᠢ ᠭᠡᠪᠡ᠃        ᠨᠢᠭᠤᠴᠠ ᠰᠤᠷᠪᠤᠯᠵᠢᠯᠠᠭ᠎ᠠ ᠳᠤᠮᠳᠠ ᠴᠧᠨ ᠵᠠᠨ ᠢᠩ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠤ ᠵᠢᠵᠢᠭᠦᠷᠯᠡᠵᠦ ᠪᠠᠶᠢᠭ᠎ᠠ ᠪᠠᠶᠢᠳᠠᠯ᠂ ᠭᠠᠯ ᠰᠡᠷᠭᠡᠶᠢᠯᠡᠬᠦ ᠠᠷᠭ᠎ᠠ ᠠᠪᠴᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠠᠴᠢᠮ ᠢ ᠠᠷᠭᠠᠴᠠᠬᠤ ᠪᠡᠯᠡᠳᠬᠡᠯ ᠵᠡᠷᠭᠡ ᠪᠠᠶᠢᠳᠠᠯ ᠢ ᠨᠠᠷᠢᠯᠢᠭ ᠤᠶᠢᠯᠠᠭᠠᠵᠤ᠂ ᠳᠠᠷᠠᠭᠠᠴᠢ ᠶᠢᠨ ᠠᠯᠬᠤᠮ ᠤᠨ ᠤᠢ ᠰᠢᠭᠤᠢ ᠶᠢᠨ ᠭᠠᠯ ᠰᠡᠷᠭᠡᠶᠢᠯᠡᠯᠲᠡ ᠶᠢᠨ ᠠᠵᠢᠯ ᠳᠤ ᠳᠤᠳᠤᠷᠬᠠᠢ ᠱᠠᠭᠠᠷᠳᠠᠯᠭ᠎ᠠ ᠳᠤᠷᠠᠳᠪᠠ᠃        ᠴᠧᠨ ᠵᠠᠨ ᠢᠩ ᠵᠢᠭᠠᠨ ᠭᠠᠷᠭᠠᠭᠰᠠᠨ ᠨᠢ᠂ ᠬᠠᠩᠰᠢ ᠶᠢᠨ ᠠᠮᠠᠷᠠᠯᠲᠠ ᠶᠢᠨ ᠬᠤᠭᠤᠴᠠᠭ᠎ᠠ ᠪᠣᠯ ᠬᠠᠪᠤᠷ ᠤᠨ ᠤᠯᠠᠷᠢᠯ ᠤᠨ ᠤᠢ ᠰᠢᠭᠤᠢ ᠶᠢᠨ ᠭᠠᠯ ᠰᠡᠷᠭᠡᠶᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠴᠢᠬᠤᠯᠠ ᠴᠠᠭ ᠬᠤᠭᠤᠴᠠᠭ᠎ᠠ᠂ ᠭᠤᠤᠯᠳᠠᠯᠭ᠎ᠠ ᠲᠠᠢ ᠭᠠᠵᠠᠷ ᠣᠷᠤᠨ ᠢ ᠴᠢᠩᠭ᠎ᠠ ᠰᠠᠬᠢᠵᠤ᠂ ᠠᠵᠢᠯ ᠤᠨ ᠪᠤᠳᠠᠲᠠᠢ ᠲᠠᠢ ᠪᠠᠨ ᠤᠶᠠᠯᠳᠤᠭᠤᠯᠤᠨ᠂ ᠠᠵᠢᠯ ᠤᠨ ᠬᠠᠨᠳᠤᠰᠢ ᠪᠠᠶᠢᠳᠠᠯ ᠢᠶᠠᠨ ᠨᠠᠷᠢᠨ ᠬᠢᠨᠠᠮᠠᠭᠠᠢ ᠵᠠᠳᠠᠯᠵᠤ ᠰᠤᠳᠤᠯᠤᠨ᠂ ᠪᠠᠴᠢᠮ ᠢ ᠠᠷᠭᠠᠴᠠᠬᠤ ᠲᠦᠰᠦᠯ ᠢᠶᠠᠨ ᠤᠯᠠᠮ ᠨᠢᠭᠡ ᠠᠯᠬᠤᠮ ᠪᠦᠷᠢᠨᠰᠢᠭᠦᠯᠵᠦ᠂ ᠪᠠᠴᠢᠮ ᠢ ᠠᠷᠭᠠᠴᠠᠬᠤ ᠡᠩᠨᠡᠭᠡ᠂ ᠲᠦᠬᠦᠭᠡᠷᠦᠮᠵᠢ ᠪᠠᠨ ᠰᠠᠶᠢᠲᠤᠷ ᠬᠠᠮᠢᠶᠠᠷᠴᠤ᠂ ᠡᠳ᠋ ᠪᠤᠳᠠᠰ ᠤᠨ ᠨᠦᠭᠡᠴᠡ ᠪᠠᠨ ᠨᠡᠮᠡᠭᠳᠡᠭᠦᠯᠦᠨ᠂ ᠭᠡᠨᠡᠳᠲᠡ ᠶᠢᠨ ᠤᠴᠢᠷ ᠭᠠᠷᠪᠠᠯ ᠠᠯᠢ ᠲᠦᠷᠭᠡᠨ ᠢᠶᠠᠷ ᠲᠤᠬᠢᠲᠠᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号