ᠬᠤᠩᠱᠠᠨ ᠲᠣᠭᠤᠷᠢᠭ ᠤᠨ ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠭᠡᠨᠡᠳᠲᠡ ᠶᠢᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠢ ᠰᠠᠶᠢᠲᠤᠷ ᠬᠢᠬᠦ ᠲᠤᠬᠠᠢ ᠪᠠᠴᠢᠮ ᠵᠠᠷᠯᠠᠯ
ᠨᠡᠶᠢᠲᠡᠯᠡᠭᠰᠡᠨ ᠴᠠᠭ᠄
2022/5/10
       2022 ᠣᠨ ᠤ 5 ᠰᠠᠷ᠎ᠠ ᠶᠢᠨ 7 ᠤ ᠡᠳᠦᠷ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ ᠱᠠᠩᠬᠠᠢ ᠳᠤ ᠬᠦᠯᠦᠰᠦᠨ ᠠᠵᠢᠯ ᠬᠢᠵᠦ ᠪᠠᠶᠢᠭᠰᠠᠨ ᠢᠶᠠᠨ ᠬᠤᠩᠱᠠᠨ ᠲᠣᠭᠤᠷᠢᠭ ᠲᠤ ᠪᠤᠴᠠᠨ ᠢᠷᠡᠵᠦ ᠲᠦᠪᠯᠡᠷᠡᠭᠦᠯᠦᠨ ᠲᠤᠰᠠᠭᠠᠷᠯᠠᠵᠤ ᠪᠠᠶᠢᠭᠰᠠᠨ ᠬᠦᠮᠦᠰ ᠤᠨ ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠪᠦᠭᠡᠮ ᠬᠦᠴᠢᠯ ᠤᠨ ᠪᠠᠶᠢᠴᠠᠭᠠᠯᠲᠠ ᠳᠤ 1 ᠬᠦᠮᠦᠨ ᠤ ᠪᠠᠶᠢᠴᠠᠭᠠᠯᠲᠠ ᠶᠢᠨ ᠳ᠋ᠦᠩ ᠨᠢ ᠠᠷᠭ᠎ᠠ ᠴᠢᠨᠠᠷ ᠢᠯᠡᠷᠡᠵᠦ᠂ ᠬᠤᠲᠠ ᠶᠢᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ ᠤᠨ ᠲᠠᠬᠢᠨ ᠬᠢᠨᠠᠯᠲᠠ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠵᠦᠪᠳᠡᠯᠴᠡᠨ ᠮᠠᠭᠠᠳᠯᠠᠭᠰᠠᠨ ᠢᠶᠠᠷ ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ︵ᠬᠦᠩᠭᠡᠨ ᠬᠡᠯᠪᠡᠷᠢ︶ ᠪᠠᠷ ᠤᠨᠤᠰᠢᠯᠠᠨ ᠲᠤᠳᠤᠯᠠᠪᠠ᠃ ᠯᠢᠦ ᠤᠪᠤᠭᠲᠤ᠂ ᠡᠷᠡᠭᠲᠡᠢ᠂ 34 ᠨᠠᠰᠤᠲᠠᠢ᠂ ᠱᠠᠩᠬᠠᠢ ᠳᠤ ᠬᠦᠯᠦᠰᠦᠨ ᠠᠵᠢᠯ ᠬᠢᠵᠦ ᠪᠠᠶᠢᠭᠰᠠᠨ ᠢᠶᠠᠨ ᠮᠠᠰᠢᠨ ᠲᠡᠷᠭᠡ ᠵᠢᠯᠤᠭᠤᠳᠤᠨ ᠤᠯᠠᠭᠠᠨᠬᠠᠳᠠ ᠳᠤ ᠪᠤᠴᠠᠨ ᠢᠷᠡᠵᠦ᠂ ᠲᠦᠪᠯᠡᠷᠡᠭᠦᠯᠦᠨ ᠲᠤᠰᠠᠭᠠᠷᠯᠠᠬᠤ ᠴᠡᠭ ᠲᠤ ᠪᠠᠶᠢᠭᠰᠠᠨ ᠬᠦᠮᠦᠨ᠂ ᠤᠳᠤᠬᠠᠨ ᠳᠤ ᠨᠢᠭᠡᠨᠲᠡ ᠤᠯᠠᠭᠠᠨᠬᠠᠳᠠ ᠬᠤᠲᠠ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠡᠮᠨᠡᠯᠭᠡ  ᠶᠢᠨ ᠬᠤᠷᠢᠶᠠᠨ ᠳᠤ ᠰᠢᠯᠵᠢᠭᠦᠯᠦᠨ ᠲᠤᠰᠠᠭᠠᠷᠯᠠᠨ ᠡᠮᠨᠡᠭᠦᠯᠵᠦ ᠪᠣᠢ᠃ ᠲᠤᠰ ᠤᠨᠤᠰᠢᠯᠠᠭᠰᠠᠨ ᠡᠪᠡᠳᠴᠢᠨ ᠤ ᠵᠢᠱᠢᠶ᠎ᠡ  ᠳᠤ ᠴᠢᠭᠯᠡᠭᠦᠯᠦᠭᠰᠡᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠨᠢᠭᠡᠨᠲᠡ ᠪᠦᠬᠦ ᠲᠠᠯ᠎ᠠ ᠪᠠᠷ ᠡᠬᠢᠯᠡᠭᠦᠯᠪᠡ᠂ ᠤᠳᠤ ᠬᠤᠯᠪᠤᠭᠳᠠᠯ ᠪᠦᠬᠦᠢ ᠤᠴᠢᠷ ᠶᠠᠪᠤᠳᠠᠯ ᠢ ᠳᠤᠤᠷᠠᠬᠢ ᠮᠡᠲᠦ ᠵᠠᠷᠯᠠᠶ᠎ᠠ᠄        ᠨᠢᠭᠡ᠂ ᠦᠷᠭᠡᠨ ᠤᠯᠠᠨ ᠬᠤᠲᠠ ᠶᠢᠨ ᠠᠷᠠᠳ ᠤᠨᠤᠰᠢᠯᠠᠭᠰᠠᠨ ᠡᠪᠡᠳᠴᠢᠨ ᠤ ᠵᠢᠱᠢᠶ᠎ᠡ ᠶᠢᠨ ᠶᠠᠪᠤᠵᠤ ᠰᠠᠭᠤᠭᠰᠠᠨ ᠵᠠᠮ ᠮᠦᠷ ᠢ ᠰᠠᠶᠢᠲᠤᠷ ᠠᠩᠬᠠᠷᠴᠤ᠂ ᠬᠡᠷᠪᠡ ᠤᠨᠤᠰᠢᠯᠠᠭᠰᠠᠨ ᠡᠪᠡᠳᠴᠢᠨ ᠤ ᠵᠢᠱᠢᠶ᠎ᠡ ᠶᠢᠨ ᠶᠠᠪᠤᠵᠤ ᠰᠠᠭᠤᠭᠰᠠᠨ ᠵᠠᠮ ᠮᠦᠷ ᠲᠠᠢ ᠴᠠᠭ ᠬᠤᠭᠤᠴᠠᠭ᠎ᠠ ᠪᠠ ᠣᠷᠤᠨ ᠵᠠᠢ ᠶᠢᠨ ᠳᠠᠪᠬᠤᠴᠠᠯ ᠪᠠᠶᠢᠪᠠᠯ ᠳᠠᠷᠤᠢ ᠲᠦᠷᠭᠡᠨ ᠪᠠᠶᠢᠭ᠎ᠠ ᠨᠡᠶᠢᠭᠡᠮ ᠲᠣᠭᠤᠷᠢᠭ ︵ᠲᠤᠰᠬᠤᠨ︶᠂ ᠠᠵᠢᠯᠯᠠᠵᠤ ᠪᠠᠶᠢᠭ᠎ᠠ ᠨᠢᠭᠡᠴᠡ ᠪᠤᠶᠤ ᠰᠠᠭᠤᠭ᠎ᠠ ᠪᠠᠭᠤᠳᠠᠯ ᠳᠤ ᠪᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠵᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠪᠦᠭᠡᠮ ᠬᠦᠴᠢᠯ ᠤᠨ ᠪᠠᠶᠢᠴᠠᠭᠠᠯᠲᠠ᠂ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠠᠮᠵᠢᠯᠴᠠᠬᠤ ᠬᠡᠷᠡᠭᠲᠡᠢ᠃        ᠬᠤᠶᠠᠷ᠂ ᠦᠷᠭᠡᠨ ᠣᠯᠠᠨ ᠬᠤᠲᠠ ᠶᠢᠨ ᠠᠷᠠᠳ ᠬᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠲᠠᠬᠤ᠂ ᠬᠤᠭᠤᠯᠠᠢ ᠡᠪᠡᠳᠬᠦ᠂ ᠦᠨᠦᠷ ᠤᠨ ᠰᠡᠷᠡᠯ ᠮᠠᠭᠤᠲᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ  ᠲᠠᠢ ᠪᠣᠯ ᠦᠪᠡᠷᠲᠡᠭᠡᠨ ᠡᠮ ᠤᠤᠭᠤᠵᠤ ᠪᠣᠯᠬᠤ ᠦᠭᠡᠢ᠂ ᠡᠷᠬᠡᠪᠰᠢ ᠨᠢᠭᠡ ᠯᠡ ᠤᠳᠠᠭ᠎ᠠ ᠬᠡᠷᠡᠭᠯᠡᠬᠦ ᠠᠮᠠᠪᠴᠢ ᠵᠡᠭᠦᠵᠦ ᠬᠠᠮᠤᠭ ᠤᠨ ᠲᠡᠷᠢᠭᠦᠨ ᠳᠤ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠪᠠ ᠪᠠᠶᠢᠴᠠᠭᠠᠯᠭᠠᠬᠤ ᠬᠡᠷᠡᠭᠲᠡᠢ᠃ ᠡᠪᠡᠳᠴᠢᠨ ᠦᠵᠡᠭᠦᠯᠬᠦ ᠳᠤ ᠪᠠᠨ ᠵᠢᠭᠤᠯᠴᠢᠯᠠᠭᠰᠠᠨ ᠲᠡᠦᠬᠡ᠂ ᠤᠶᠢᠷᠠᠲᠤᠭᠰᠠᠨ ᠲᠡᠦᠬᠡ ᠪᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠡᠪᠡᠳᠴᠢᠨ ᠦᠵᠡᠭᠦᠯᠬᠦ ᠶᠠᠪᠤᠴᠠ ᠳᠤ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠰᠬᠢᠬᠤ ᠬᠡᠷᠡᠭᠲᠡᠢ᠃        ᠭᠤᠷᠪᠠ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠠᠷᠠᠳ  ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠬᠤᠪᠢ ᠶᠢᠨ ᠡᠮᠴᠢᠯᠡᠭᠡᠨ ᠤ ᠭᠠᠵᠠᠷ ᠬᠠᠯᠠᠭᠤᠷᠠᠵᠤ ᠪᠠᠶᠢᠭ᠎ᠠ ᠡᠪᠡᠳᠴᠢᠲᠡᠨ ᠢ ᠰᠢᠭᠰᠢᠨ ᠪᠠᠶᠢᠴᠠᠭᠠᠬᠤ ᠪᠠᠨ ᠴᠢᠩᠭᠠᠳᠬᠠᠵᠤ᠂ ᠬᠠᠯᠠᠭᠤᠷᠠᠯ ᠤᠨ ᠡᠭᠦᠳᠡᠨ ᠡᠮᠨᠡᠯᠭᠡ ᠲᠣᠬᠢᠷᠠᠭᠤᠯᠤᠭᠰᠠᠨ ᠦᠭᠡᠢ ᠡᠮᠴᠢᠯᠡᠭᠡᠨ ᠤ ᠪᠠᠶᠢᠭᠤᠯᠤᠮᠵᠢ᠂ ᠢᠯᠠᠩᠭᠤᠶ᠎ᠠ ᠡᠮᠴᠢᠯᠡᠭᠡᠨ ᠤ ᠭᠠᠵᠠᠷ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠲᠡᠭᠡ᠂ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠵᠡᠷᠭᠡ ᠭᠠᠵᠠᠷ ᠢᠯᠡ ᠪᠠᠶᠢᠷᠢᠨ ᠳᠤ ᠡᠮᠨᠡᠭᠦᠯᠬᠦ ᠵᠠᠷ ᠨᠠᠭᠠᠵᠤ᠂ ᠬᠠᠯᠠᠭᠤᠷᠠᠵᠤ ᠪᠠᠶᠢᠭ᠎ᠠ ᠪᠤᠶᠤ ᠡᠪᠡᠳᠴᠢᠨ ᠤ ᠢᠯᠡᠷᠡᠯ ᠢᠶᠠᠷ ᠰᠡᠵᠢᠭᠯᠡᠭᠳᠡᠭᠰᠡᠳ ᠢ ᠬᠦᠲᠦᠯᠦᠨ ᠵᠢᠯᠤᠭᠤᠳᠴᠤ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠢ᠂ ᠰᠡᠵᠢᠭᠯᠡᠯᠲᠡᠢ ᠡᠪᠡᠳᠴᠢᠲᠡᠨ ᠢ ᠳᠤᠷ᠎ᠠ ᠪᠠᠷ ᠢᠶᠠᠨ ᠤᠨᠤᠰᠢᠯᠠᠨ ᠵᠠᠰᠠᠵᠤ ᠪᠣᠯᠬᠤ ᠦᠭᠡᠢ᠃        ᠳᠦᠷᠪᠡ᠂ ᠪᠦᠬᠦ ᠲᠣᠭᠤᠷᠢᠭ ᠤᠨ ᠨᠠᠮ ᠵᠠᠰᠠᠭ ᠤᠨ ᠪᠠᠶᠢᠭᠤᠯᠭ᠎ᠠ᠂ ᠡᠯ᠎ᠡ ᠲᠦᠷᠦᠯ ᠤᠨ ᠬᠤᠳᠠᠯᠳᠤᠭᠠᠨ ᠤ ᠭᠠᠵᠠᠷ᠂ ᠣᠯᠠᠨ ᠨᠡᠶᠢᠲᠡ ᠶᠢᠨ ᠲᠠᠯᠠᠪᠤᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠠᠩᠭᠤᠶ᠎ᠠ ︽ᠲᠠᠯᠠᠪᠤᠷ ᠭᠠᠵᠠᠷ ᠤᠨ ᠺᠤᠳ᠋︾ ᠰᠢᠷᠪᠢᠬᠦ ᠶᠢ ᠴᠢᠩᠭᠠᠷᠠᠭᠤᠯᠤᠨ᠂ ᠡᠯ᠎ᠡ ᠲᠦᠷᠦᠯ ᠤᠨ ᠲᠠᠯᠠᠪᠤᠷ ᠭᠠᠵᠠᠷ ᠲᠤ ᠤᠷᠤᠬᠤ ᠪᠤᠢ ᠪᠦᠬᠦᠢ ᠬᠦᠮᠦᠰ ᠡᠷᠬᠡᠪᠰᠢ ᠤᠷᠢᠳᠠᠪᠡᠷ ᠺᠤᠳ᠋ ᠰᠢᠷᠪᠢᠵᠦ ᠳᠠᠷᠠᠭ᠎ᠠ ᠨᠢ ᠤᠷᠤᠵᠤ᠂ ᠨᠠᠰᠤᠨ ᠳᠤ ᠦᠯᠦ ᠬᠦᠷᠦᠭᠰᠡᠳ᠂ ᠨᠠᠰᠤᠲᠠᠶᠢᠴᠦᠳ᠂ ᠬᠠᠷᠠᠭ᠎ᠠ ᠰᠤᠨᠤᠷ ᠳᠤᠷᠤᠢ ᠵᠡᠮᠳᠡᠭᠴᠦᠳ ᠲᠤ ᠴᠠᠭᠠᠰᠤᠨ ᠳᠡᠭᠡᠷ᠎ᠡ ᠳᠠᠩᠰᠠᠯᠠᠨ ᠲᠡᠮᠳᠡᠭᠯᠡᠬᠦ ᠦᠢᠯᠡᠴᠢᠯᠡᠭᠡ ᠬᠠᠩᠭᠠᠬᠤ ᠬᠡᠷᠡᠭᠲᠡᠢ᠃        ᠲᠠᠪᠤ᠂ ᠦᠷᠭᠡᠨ ᠣᠯᠠᠨ ᠬᠤᠲᠠ ᠶᠢᠨ ᠠᠷᠠᠳ ᠠᠯᠪᠠᠨ ᠤ ᠲᠠᠯ᠎ᠠ ᠶᠢᠨ ᠨᠡᠶᠢᠲᠡᠯᠡᠭᠰᠡᠨ ᠬᠢᠵᠢᠭ ᠤᠨ ᠪᠠᠶᠢᠳᠠᠯ  ᠢ ᠠᠩᠬᠠᠷᠴᠤ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠭᠠᠷᠭᠠᠬᠤ ᠦᠭᠡᠢ ᠪᠠᠶᠢᠵᠤ᠂ ᠵᠠᠷᠯᠠᠯ ᠤᠨ ᠲᠤᠭᠲᠠᠭᠠᠯ ᠢ ᠵᠦᠷᠢᠴᠡᠬᠦ ᠵᠢᠴᠢ ᠴᠤᠤᠷᠬᠠᠯ ᠲᠠᠷᠬᠠᠭᠠᠬᠤ᠂ ᠬᠢᠵᠢᠭ ᠤᠨ ᠪᠠᠶᠢᠳᠠᠯ ᠢ ᠬᠤᠲᠠᠯ  ᠢᠶᠠᠷ ᠮᠡᠳᠡᠭᠦᠯᠬᠦ ᠪᠤᠶᠤ ᠮᠡᠳᠡᠭᠦᠯᠬᠦ ᠦᠭᠡᠢ ᠨᠢᠭᠤᠨ ᠳᠠᠯᠳᠠᠯᠠᠬᠤ᠂ ᠦᠨᠡᠨ ᠪᠤᠳᠠᠲᠠᠢ ᠪᠤᠰᠤ ᠮᠡᠳᠡᠭᠡ ᠵᠠᠩᠭᠢ ᠶᠢ ᠨᠡᠶᠢᠲᠡᠯᠡᠬᠦ᠂ ᠪᠠᠷᠠᠭᠠᠨ ᠤ ᠦᠨ᠎ᠡ ᠶᠢ ᠦᠰᠬᠡᠬᠦ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠤᠯᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠬᠠᠤᠯᠢ ᠶᠤᠰᠤᠭᠠᠷ ᠴᠢᠩᠭ᠎ᠠ ᠴᠤᠬᠢᠯᠲᠠ ᠦᠭᠭᠦᠨ᠎ᠡ᠃        ᠤᠳᠤᠬᠠᠨ ᠳᠤ ᠬᠤᠩᠱᠠᠨ ᠲᠣᠭᠤᠷᠢᠭ ᠤᠨ ᠠᠮᠢᠳᠤᠷᠠᠯ ᠤᠨ ᠡᠳ᠋ ᠪᠤᠳᠠᠰ ᠤᠨ ᠨᠦᠭᠡᠴᠡ ᠭᠦᠢᠴᠡᠳ ᠬᠠᠩᠭᠠᠯᠲᠠᠲᠠᠢ᠂ ᠬᠤᠲᠠ ᠶᠢᠨ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠵᠤ ᠳᠡᠶᠢᠯᠦᠨ᠎ᠡ᠃ ᠪᠢᠳᠡ ᠬᠠᠮᠲᠤᠪᠡᠷ ᠬᠦᠴᠦᠯᠡᠨ ᠴᠢᠷᠮᠠᠶᠢᠵᠤ᠂ ᠬᠢᠵᠢᠭ ᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠶ᠎ᠠ︕                                                                  ᠬᠤᠩᠱᠠᠨ ᠲᠣᠭᠤᠷᠢᠭ ᠤᠨ ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ                                                                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                                                                  2022 ᠤᠨ ᠤ 5 ᠰᠠᠷ᠎ᠠ  ᠶᠢᠨ 7 ᠤ ᠡᠳᠦᠷ
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号