ᠬᠤᠩᠱᠠᠨ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠤ ᠰᠠᠯᠠᠭ᠎ᠠ ᠮᠦᠴᠢᠷ ᠬᠠᠮᠵᠢᠯᠴᠠᠨ ︽ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠨᠡᠶᠢᠲᠡᠯᠡᠬᠦ︾ ᠰᠤᠭᠤᠴᠢᠨ ᠪᠠᠶᠢᠴᠠᠭᠠᠬᠤ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2022/5/25
         ᠬᠤᠩᠱᠠᠨ ᠲᠤᠭᠤᠷᠢᠭ ᠤᠷᠢᠳ ᠬᠤᠵᠢᠳ ᠵᠠᠭᠤᠴᠢ ᠶᠢᠨ ᠦᠢᠯᠡᠴᠢᠯᠡᠭᠡᠨ ᠤ ᠪᠠᠶᠢᠭᠤᠯᠤᠮᠵᠢ ︵ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠲᠠᠷᠬᠠᠭᠠᠵᠤ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠷᠤᠨ ᠰᠠᠭᠤᠴᠠ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠤᠷᠤᠯᠴᠠᠭᠰᠠᠨ︶ ᠬᠦᠳᠡᠯᠮᠦᠷᠢ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ︵ᠬᠦᠳᠡᠯᠮᠦᠷᠢ ᠬᠦᠴᠦᠨ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠲᠠᠷᠬᠠᠭᠠᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠤᠷᠤᠯᠴᠠᠭᠰᠠᠨ︶ ᠵᠡᠷᠭᠡ ᠰᠠᠯᠠᠭ᠎ᠠ ᠮᠦᠴᠢᠷ ᠬᠤᠯᠪᠤᠭᠠᠯᠠᠨ ︽ᠬᠤᠶᠠᠷ ᠢ ᠲᠠᠰᠢᠷᠠᠮ ᠢᠶᠠᠷ ᠨᠢᠭᠡ ᠶᠢ ᠢᠯᠡ ᠨᠡᠶᠢᠲᠡᠯᠡᠬᠦ︾ 2 ᠲᠦᠷᠦᠯ ᠤᠨ ᠰᠢᠭᠰᠢᠨ ᠪᠠᠶᠢᠴᠠᠭᠠᠬᠤ ᠡᠭᠦᠷᠭᠡ᠂ ᠲᠦᠯᠦᠪᠯᠡᠭᠰᠡᠨ ᠢᠶᠠᠷ ᠬᠠᠷᠢᠴᠡᠯ ᠢᠶᠠᠷ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ13 ᠡᠷᠦᠬᠡ ᠶᠢ ᠰᠢᠭᠰᠢᠨ ᠪᠠᠶᠢᠴᠠᠭᠠᠵᠤ᠂ ᠤᠳᠤ ᠨᠢᠭᠡᠨᠲᠡ 7 ᠶᠢ ᠪᠠᠶᠢᠴᠠᠭᠠᠵᠤ᠂ ᠳᠦᠷᠢᠮ ᠵᠦᠷᠢᠴᠡᠭᠰᠡᠨ ᠬᠠᠤᠯᠢ ᠵᠦᠷᠢᠴᠡᠭᠰᠡᠨ ᠠᠵᠢᠯᠯᠠᠭ᠎ᠠ ᠶᠢ ᠢᠯᠡᠷᠡᠭᠦᠯᠦᠭᠰᠡᠨ ᠦᠭᠡᠢ᠂ ᠰᠢᠭᠰᠢᠨ ᠪᠠᠶᠢᠴᠠᠭᠠᠬᠤ ᠡᠭᠦᠷᠭᠡ ᠶᠢ ᠤᠷᠢᠳᠴᠢᠯᠠᠨ ᠵᠢᠱᠢᠯᠲᠡ ᠪᠠᠷ 6 ᠰᠠᠷ᠎ᠠ ᠶᠢᠨ 18 ᠤ ᠡᠳᠦᠷ ᠠᠴᠠ ᠡᠮᠦᠨ᠎ᠡ ᠪᠦᠬᠦᠨ ᠢ ᠪᠠᠷᠠᠭᠠᠬᠤ ᠪᠣᠯᠤᠨ᠎ᠠ᠃ ᠰᠡᠭᠦᠯ ᠤᠨ ᠬᠠᠭᠠᠰ ᠵᠢᠯ ᠳᠤ ᠰᠢᠭᠰᠢᠨ ᠪᠠᠶᠢᠴᠠᠭᠠᠬᠤ ᠡᠭᠦᠷᠭᠡ ᠶᠢ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠦᠯᠦᠪᠯᠡᠭᠡ ᠶᠤᠰᠤᠭᠠᠷ ᠡᠮᠬᠢ ᠵᠢᠷᠦᠮ ᠲᠠᠢ ᠵᠤᠬᠢᠶᠠᠨ ᠪᠠᠶᠢᠭᠤᠯᠵᠤ ᠦᠷᠨᠢᠭᠦᠯᠬᠦ ᠪᠣᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号