ᠬᠤᠩᠱᠠᠨ ᠲᠣᠭᠤᠷᠢᠭ ᠳᠠᠭᠤᠤ ᠬᠦᠭᠵᠢᠮ ᠤᠨ ᠲᠢᠩᠭᠢᠮ᠂  ᠪᠠᠭᠠᠷ ᠵᠡᠷᠭᠡ ᠬᠦᠮᠦᠨ ᠬᠠᠷ᠎ᠠ ᠨᠢᠭᠲᠠ ᠴᠤᠭᠯᠠᠷᠠᠭᠰᠠᠨ ᠭᠠᠵᠠᠷ ᠲᠠᠯᠠᠪᠤᠷ ᠤᠳ ᠲᠤ ᠭᠡᠨᠡᠳᠲᠡ ᠶᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/6/21
         ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠡᠮᠬᠢ ᠴᠡᠭᠴᠡᠲᠡᠢ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠪᠠᠨ ᠰᠡᠷᠭᠦᠭᠡᠬᠦ ᠶᠢ ᠠᠬᠢᠭᠤᠯᠬᠤ ᠶᠢᠨ ᠲᠥᠯᠦᠭᠡ ᠲᠤᠭᠤᠷᠢᠭ ᠤᠨ ᠵᠠᠬ᠎ᠠ ᠳᠡᠯᠭᠡᠭᠦᠷ  ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ᠂ ᠲᠣᠭᠤᠷᠢᠭ ᠤᠨ ᠰᠤᠶᠤᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶ᠎ᠠ ᠬᠤᠯᠪᠤᠭᠠᠯᠠᠨ ᠪᠦᠬᠦ ᠲᠤᠭᠤᠷᠢᠭ ᠤᠨ ᠳᠠᠭᠤᠤ ᠬᠦᠭᠵᠢᠮ ᠤᠨ ᠲᠢᠩᠬᠢᠮ᠂  ᠪᠠᠭᠠᠷ ᠵᠡᠷᠭᠡ ᠰᠤᠶᠤᠯ ᠰᠡᠯᠡᠭᠦᠴᠡᠯ ᠤᠨ ᠡᠵᠡᠩᠨᠡᠯᠲᠡ ᠶᠢᠨ ᠲᠠᠯᠠᠪᠤᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠡᠨᠡᠳᠲᠡ ᠶᠢᠨ ᠪᠠᠶᠢᠴᠠᠭᠠᠯᠲᠠ ᠦᠷᠨᠢᠭᠦᠯᠦᠨ᠂ ᠰᠤᠨᠤᠷ ᠰᠡᠷᠡᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠤᠨ ᠲᠠᠷᠬᠠᠬᠤ ᠲᠦᠭᠰᠢᠭᠦᠷᠢ ᠶᠢ ᠪᠦᠲᠦᠮᠵᠢᠲᠡᠢ ᠬᠢᠵᠠᠭᠠᠷᠯᠠᠵᠤ᠂ ᠣᠯᠠᠨ ᠲᠥᠮᠡᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠪᠠ᠃ ᠨᠡᠶᠢᠲᠡ ᠬᠦᠳᠡᠯᠦᠯᠴᠡᠭᠰᠡᠨ ᠬᠠᠤᠯᠢ ᠬᠡᠷᠡᠭᠵᠢᠭᠦᠯᠦᠭᠴᠢ 38 ᠬᠦᠮᠦᠨ ᠪᠠᠶᠢᠵᠤ᠂ ᠳᠠᠭᠤᠤ ᠬᠦᠭᠵᠢᠮ ᠤᠨ ᠲᠢᠩᠬᠢᠮ᠂ ᠪᠠᠭᠠᠷ ᠵᠡᠷᠭᠡ ᠰᠤᠶᠤᠯ ᠰᠡᠯᠡᠭᠦᠴᠡᠯ ᠤᠨ ᠡᠵᠡᠩᠨᠡᠯᠲᠡ  ᠶᠢᠨ 41 ᠡᠷᠦᠬᠡ ᠶᠢ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠨᠢ ᠵᠤᠬᠢᠰ ᠦᠭᠡᠢ ᠪᠠᠶᠢᠭ᠎ᠠ ᠮᠡᠲᠦ ᠶᠢᠨ 9 ᠠᠰᠠᠭᠤᠳᠠᠯ ᠢ ᠵᠠᠯᠠᠷᠠᠭᠤᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号