ᠬᠤᠩᠱᠠᠨ ᠲᠤᠭᠤᠷᠢᠭ ᠤᠯᠤᠰ ᠤᠨ ᠡᠮ ᠤᠨ ᠵᠦᠢᠯᠡᠰ᠂ ᠮᠠᠲ᠋ᠧᠷᠢᠶᠠᠯ ᠢ ᠲᠦᠪᠯᠡᠷᠡᠭᠦᠯᠦᠨ ᠬᠤᠳᠠᠯᠳᠤᠨ ᠠᠪᠬᠤ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2022/6/29
       ᠬᠤᠩᠱᠠᠨ ᠲᠣᠭᠤᠷᠢᠭ ᠦᠪᠡᠷᠲᠡᠭᠡᠨ ᠵᠠᠰᠠᠬᠤ ᠣᠷᠤᠨ᠂ ᠬᠤᠲᠠ ᠶᠢᠨ ᠡᠮᠴᠢᠯᠡᠭᠡᠨ ᠤ ᠪᠠᠲᠤᠯᠠᠭᠠᠨ ᠤ ᠲᠤᠪᠴᠢᠶᠠᠨ ᠤ ᠡᠮ ᠤᠨ ᠵᠦᠢᠯᠡᠰ᠂ ᠮᠠᠲ᠋ᠧᠷᠢᠶᠠᠯ ᠢ ᠲᠦᠪᠯᠡᠷᠡᠭᠦᠯᠦᠨ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠪᠠ ᠠᠵᠢᠯ ᠤᠨ ᠪᠠᠶᠢᠷᠢᠯᠠᠭᠤᠯᠤᠯᠲᠠ ᠶᠢᠨ ᠲᠤᠭᠤᠷᠢᠨ ᠳᠤ ᠤᠯᠠᠨ ᠠᠷᠭ᠎ᠠ ᠠᠪᠴᠠᠯ ᠢᠶᠠᠷ ᠡᠮ ᠤᠨ ᠵᠦᠢᠯᠡᠰ ᠮᠠᠲ᠋ᠧᠷᠢᠶᠠᠯ ᠢ ᠬᠤᠳᠠᠯᠳᠤᠨ ᠠᠪᠴᠤ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠠᠬᠢᠭᠤᠯᠪᠠ᠃        ᠨᠢᠭᠡ ᠳᠤ᠂ ᠡᠮ ᠤᠨ ᠵᠦᠢᠯᠡᠰ ᠢ ᠲᠦᠪᠯᠡᠷᠡᠭᠦᠯᠦᠨ ᠬᠤᠳᠠᠯᠳᠤᠨ ᠠᠪᠬᠤ ᠡᠭᠦᠷᠭᠡ ᠶᠢ ᠱᠠᠲᠤ ᠳᠠᠷᠠᠭᠠᠯᠠᠨ ᠠᠬᠢᠭᠤᠯᠵᠤ ᠡᠯ᠎ᠡ ᠡᠮᠴᠢᠯᠡᠭᠡᠨ ᠤ ᠪᠠᠶᠢᠭᠤᠯᠤᠮᠵᠢ ᠳᠤ ᠬᠦᠷᠭᠡᠵᠦ᠂ ᠡᠮᠴᠢᠯᠡᠭᠡᠨ ᠤ ᠪᠠᠶᠢᠭᠤᠯᠤᠮᠵᠢ ᠪᠠ ᠰᠤᠩᠭᠤᠭᠳᠠᠭᠰᠠᠨ ᠡᠮ ᠤᠨ ᠵᠦᠢᠯᠡᠰ ᠤᠨ ᠦᠢᠯᠡᠳᠪᠦᠷᠢᠯᠡᠯ ᠤᠨ ᠠᠵᠤ ᠠᠬᠤᠶᠢᠯᠠᠯ ᠰᠤᠩᠭᠤᠭᠳᠠᠭᠰᠠᠨ ᠬᠠᠩᠰᠢ ᠪᠠᠷ ᠬᠤᠳᠠᠯᠳᠤᠨ ᠠᠪᠬᠤ ᠪᠠ ᠪᠤᠷᠤᠯᠠᠭᠤᠯᠬᠤ ᠭᠡᠷ᠎ᠡ ᠲᠤᠭᠲᠠᠭᠠᠬᠤ ᠶᠢ ᠵᠣᠬᠢᠶᠠᠨ ᠪᠠᠶᠢᠭᠤᠯᠵᠤ᠂ ᠬᠤᠳᠠᠯᠳᠤᠨ ᠠᠪᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠲᠤᠳᠤᠷᠠᠭᠤᠯᠪᠠ᠃        ᠬᠤᠶᠠᠷ ᠲᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦ ᠶᠢ ᠤᠷᠢᠳᠴᠢᠯᠠᠨ ᠲᠥᠯᠦᠪᠦᠷᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠤᠳᠠᠯᠳᠤᠨ ᠠᠪᠬᠤ ᠮᠦᠩᠭᠦᠨ ᠤ 30% ᠶᠢ ᠤᠷᠢᠳᠴᠢᠯᠠᠨ ᠲᠥᠯᠦᠪᠦᠷᠢᠯᠡᠬᠦ ᠪᠠᠷ ᠪᠣᠯᠵᠤᠵᠤ᠂ ᠡᠮᠴᠢᠯᠡᠭᠡᠨ ᠤ ᠪᠠᠶᠢᠭᠤᠯᠤᠮᠵᠢ ᠶᠢᠨ ᠪᠡᠯᠡ ᠮᠦᠩᠭᠦᠨ ᠤ ᠡᠷᠭᠢᠯᠲᠡ ᠶᠢᠨ ᠳᠠᠷᠤᠯᠲᠠ  ᠶᠢ ᠨᠠᠮᠬᠠᠳᠬᠠᠪᠠ᠃        ᠭᠤᠷᠪᠠ ᠳᠤ᠂ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠭᠠᠷᠴᠠᠭ ᠢ ᠴᠠᠭ ᠲᠤᠬᠠᠢ ᠳᠤ ᠨᠢ ᠲᠣᠬᠢᠷᠠᠭᠤᠯᠵᠤ᠂ ᠲᠦᠪᠯᠡᠷᠡᠭᠦᠯᠦᠨ ᠬᠤᠳᠠᠯᠳᠤᠨ ᠠᠪᠬᠤ ᠬᠠᠩᠰᠢ ᠪᠠᠷ ᠰᠤᠩᠭᠤᠭᠳᠠᠭᠰᠠᠨ ᠡᠮ ᠤᠨ ᠵᠦᠢᠯᠡᠰ ᠤᠨ ᠡᠮᠴᠢᠯᠡᠭᠡᠨ ᠤ ᠪᠠᠲᠤᠯᠠᠭ᠎ᠠ ᠶᠢᠨ ᠲᠥᠯᠦᠪᠦᠷᠢᠯᠡᠬᠦ ᠪᠠᠷᠢᠮᠵᠢᠶ᠎ᠠ ᠪᠣᠯᠭᠠᠪᠠ︔ ᠲᠤᠭᠲᠠᠮᠠᠯ ᠬᠤᠭᠤᠴᠠᠭ᠎ᠠ ᠲᠠᠢ ᠳᠠᠭᠠᠯᠳᠤᠨ ᠬᠢᠨᠠᠵᠤ᠂ ᠰᠠᠷ᠎ᠠ ᠪᠦᠷᠢ ᠬᠢᠨᠠᠨ ᠰᠢᠯᠭᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠯᠪᠠᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯᠡᠰ ᠢ ᠬᠤᠳᠠᠯᠳᠤᠨ ᠠᠪᠴᠤ ᠭᠦᠢᠴᠡᠳᠬᠡᠭᠰᠡᠨ ᠪᠠᠶᠢᠳᠠᠯ ᠢ ᠳᠠᠭᠠᠯᠳᠤᠨ ᠬᠢᠨᠠᠵᠤ᠂ ᠬᠤᠳᠠᠯᠳᠤᠨ ᠠᠪᠤᠭᠰᠠᠨ ᠪᠠᠶᠢᠳᠠᠯ ᠨᠢ ᠬᠡᠪ ᠤᠨ ᠪᠤᠰᠤ᠂ ᠠᠬᠢᠴᠠ ᠨᠢ ᠤᠳᠠᠭᠠᠨ᠂ ᠠᠵᠢᠯ ᠨᠢ ᠶᠠᠪᠤᠭᠤᠷᠢ ᠦᠭᠡᠢ ᠪᠠᠶᠢᠪᠠᠯ ᠮᠡᠳᠡᠭᠳᠡᠵᠦ᠂ ᠪᠤᠯᠵᠤᠨ ᠶᠠᠷᠢᠯᠴᠠᠬᠤ ᠪᠠᠷ ᠳᠠᠮᠵᠢᠨ᠂ ᠡᠮ ᠤᠨ ᠵᠦᠢᠯᠡᠰ ᠤᠨ ᠲᠦᠪᠯᠡᠷᠡᠭᠦᠯᠦᠨ ᠬᠤᠳᠠᠯᠳᠤᠨ ᠠᠪᠬᠤ ᠠᠵᠢᠯ ᠢ ᠤᠷᠤᠭᠰᠢᠲᠠᠢ ᠠᠬᠢᠭᠤᠯᠬᠤ ᠶᠢ ᠪᠠᠲᠤᠯᠠᠪᠠ᠃        ᠤᠳᠤ ᠪᠣᠯᠲᠠᠯ᠎ᠠ ᠨᠡᠶᠢᠲᠡ 425 ᠪᠦᠲᠦᠭᠡᠭᠳᠡᠭᠦᠨ ᠬᠤᠳᠠᠯᠳᠤᠨ ᠠᠪᠬᠤ ᠰᠦᠯᠵᠢᠶᠡᠨ ᠳᠤ ᠤᠷᠤᠵᠤ᠂ ᠡᠭᠦᠨ ᠳᠤ ᠤᠯᠤᠰ ᠤᠨ ᠵᠤᠬᠢᠶᠠᠨ ᠪᠠᠶᠢᠭᠤᠯᠤᠭᠰᠠᠨ 392 ᠵᠦᠢᠯ ᠤᠨ ᠪᠦᠲᠦᠭᠡᠭᠳᠡᠭᠦᠨ᠂ ᠮᠤᠵᠢ ᠶᠢᠨ ᠱᠠᠲᠤᠨ ᠤ ᠬᠤᠯᠪᠤᠭᠠᠯᠠᠭᠰᠠᠨ 33 ᠪᠦᠲᠦᠭᠡᠭᠳᠡᠭᠦᠨ ᠪᠠᠶᠢᠵᠤ᠂ ᠮᠠᠨ ᠤ ᠲᠤᠭᠤᠷᠢᠭ 176 ᠵᠦᠢᠯ ᠤᠨ ᠪᠦᠲᠦᠭᠡᠭᠳᠡᠭᠦᠨ ᠢ ᠪᠦᠭᠡᠮ ᠢᠶᠠᠷ ᠬᠤᠳᠠᠯᠳᠤᠨ ᠠᠪᠴᠤ᠂ ᠨᠢᠭᠡ᠂ ᠬᠤᠶᠠᠳᠤᠭᠠᠷ ᠪᠦᠯᠦᠭ ᠤᠯᠤᠰ ᠤᠨ ᠲᠦᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯᠡᠰ ᠢ ᠪᠤᠯᠵᠤᠭᠰᠠᠨ ᠬᠡᠮᠵᠢᠶ᠎ᠡ ᠪᠠᠷ ᠭᠦᠢᠴᠡᠳᠬᠡᠵᠦ᠂ ᠡᠮ ᠤᠨ ᠬᠠᠩᠰᠢ ᠶᠢᠨ ᠳᠤᠮᠳᠠᠴᠢ ᠬᠢᠮᠳᠠᠷᠠᠯᠲᠠ ᠶᠢ ᠦᠨᠳᠦᠰᠦᠯᠡᠨ ᠪᠤᠳᠤᠪᠠᠯ᠂ ᠡᠮ ᠤᠨ ᠬᠠᠩᠰᠢ ᠶᠢᠨ ᠳᠤᠮᠳᠠᠴᠢ ᠬᠢᠮᠳᠠᠷᠠᠯᠲᠠ 50% ᠠᠴᠠ ᠳᠤᠷᠤᠭᠰᠢ ᠪᠠᠶᠢᠵᠤ᠂ ᠡᠪᠡᠳᠴᠢᠲᠡᠨ ᠤ ᠳᠠᠷᠤᠭᠠᠰᠤ ᠶᠢ ᠬᠦᠩᠭᠡᠷᠡᠭᠦᠯᠬᠦ ᠪᠠ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦ ᠶᠢ ᠠᠷᠪᠢᠯᠠᠬᠤ ︽ᠬᠤᠤᠰ ᠢᠯᠠᠯᠲᠠ︾ ᠶᠢ ᠣᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号