ᠬᠤᠩᠱᠠᠨ ᠲᠤᠭᠤᠷᠢᠭ ᠤᠨ ᠵᠠᠰᠠᠭ ᠤᠨ ᠣᠷᠳᠤᠨ ᠪᠠ ᠬᠠᠶᠢᠨᠠᠨ ᠤ ᠰᠢᠨ ᠸᠠᠨ ᠰᠢᠨᠵᠢᠯᠡᠭᠡ ᠮᠡᠷᠭᠡᠵᠢᠯ ᠠᠷᠠᠯᠵᠢᠶᠠᠨ ᠤ ᠬᠢᠵᠠᠭᠠᠷᠲᠤ ᠺᠣᠮᠫᠠᠨᠢ ᠤᠯᠠᠭᠠᠨᠬᠠᠳᠠ ᠬᠤᠲᠠ ᠶᠢᠨ ᠴᠢᠩ ᠡᠾᠧ ᠵᠠᠮ ᠤᠨ ᠶᠡᠷᠦᠩᠬᠡᠶᠢᠯᠡᠭᠰᠡᠨ ᠡᠨᠧᠷᠭᠢ ᠶᠢᠨ ᠦᠷᠲᠡᠭᠡ ᠶᠢᠨ ᠲᠦᠷᠦᠯ ᠵᠦᠢᠯ ᠢ ᠠᠮᠵᠢᠯᠲᠠᠲᠠᠢ ᠭᠡᠷ᠎ᠡ ᠲᠤᠭᠲᠠᠪᠠ
ᠨᠡᠶᠢᠲᠡᠯᠡᠭᠰᠡᠨ ᠴᠠᠭ᠄
2022/7/13
       ᠲᠤᠰ ᠲᠦᠷᠦᠯ ᠵᠦᠢᠯ ᠨᠢ ᠬᠤᠩᠱᠠᠨ ᠲᠣᠭᠤᠷᠢᠭ ᠤᠨ ᠰᠠᠨ ᠳ᠋ᠤᠤ ᠵᠡᠭᠡᠯᠢ ᠠᠴᠠ ᠬᠤᠶᠢᠰᠢᠬᠢ ᠡᠮ ᠤᠨ ᠦᠢᠯᠡᠳᠪᠦᠷᠢ ᠶᠢᠨ ᠬᠡᠰᠡᠭ ᠣᠷᠤᠨ ᠳᠤ ᠪᠠᠶᠢᠵᠤ᠂ ᠲᠦᠯᠦᠪᠯᠡᠭᠰᠡᠨ ᠢᠶᠠᠷ ᠶᠡᠷᠦᠩᠬᠡᠢ ᠪᠡᠯᠡ ᠣᠷᠤᠭᠤᠯᠤᠯᠲᠠ ᠨᠢ 1.2 ᠳ᠋ᠦᠩᠰᠢᠭᠤᠷ ᠲᠥᠭᠦᠷᠢᠭ᠂ 4000 ᠲᠡᠭᠰᠢ ᠲᠦᠷᠪᠡᠯᠵᠢᠨ ᠮᠧᠲᠷ ᠭᠠᠵᠠᠷ ᠡᠵᠡᠯᠡᠨ᠂ ᠪᠠᠷᠢᠯᠭ᠎ᠠ ᠶᠢᠨ ᠲᠠᠯᠠᠪᠠᠢ ᠨᠢ 3000 ᠲᠡᠭᠰᠢ ᠳᠦᠷᠪᠡᠯᠵᠢᠨ ᠮᠧᠲᠷ ᠪᠠᠶᠢᠵᠤ᠂ ᠭᠤᠤᠯᠳᠠᠭᠤ ᠴᠠᠬᠢᠯᠭᠠᠨ ᠬᠦᠳᠡᠯᠭᠡᠭᠦᠷ ᠳᠤ ᠬᠤᠪᠢᠷᠠᠭᠠᠬᠤ ᠦᠷᠲᠡᠭᠡ ᠂ ᠭᠡᠷᠡᠯ ᠸᠣᠯᠲ ᠤᠨ ᠬᠠᠳᠠᠭᠠᠯᠠᠯᠲᠠ ᠶᠢᠨ ᠦᠷᠲᠡᠭᠡ᠂ ᠤᠨᠴᠠ ᠲᠦᠷᠭᠡᠨ ᠴᠡᠨᠡᠭᠯᠡᠬᠦ ᠦᠷᠲᠡᠭᠡ᠂ ᠠᠭᠠᠵᠢᠮ ᠴᠡᠨᠡᠭᠯᠡᠬᠦ ᠦᠷᠲᠡᠭᠡ᠂ ᠤᠰᠤᠳᠦ᠋ᠷᠦᠭᠴᠢ᠂ ᠲᠤᠰᠤ᠂ ᠬᠡᠢ ᠶᠢᠨ ᠡᠨᠧᠷᠭᠢ ᠶᠢᠨ ᠦᠷᠲᠡᠭᠡ ᠪᠠ ᠶᠡᠷᠦᠩᠬᠡᠶᠢᠯᠡᠭᠰᠡᠨ ᠠᠯᠪᠠᠨ ᠭᠡᠷ ᠪᠠᠶᠢᠭᠤᠯᠤᠨ᠎ᠠ᠃ ᠲᠦᠷᠦᠯ ᠵᠦᠢᠯ ᠢ ᠪᠦᠲᠦᠭᠡᠨ ᠪᠠᠶᠢᠭᠤᠯᠤᠭᠰᠠᠨ ᠤ ᠳᠠᠷᠠᠭ᠎ᠠ ᠪᠦᠬᠦ ᠬᠤᠲᠠ ᠶᠢᠨ ᠰᠢᠨ᠎ᠡ ᠡᠨᠧᠷᠭᠢ  ᠶᠢᠨ ᠴᠠᠬᠢᠯᠭᠠᠨ ᠬᠦᠳᠡᠯᠭᠡᠭᠦᠷᠢᠲᠦ ᠮᠠᠰᠢᠨ ᠳᠤ ᠴᠡᠨᠡᠭᠯᠡᠬᠦ᠂ ᠴᠠᠬᠢᠯᠭᠠᠨ ᠬᠦᠳᠡᠯᠭᠡᠭᠦᠷ ᠳᠤ ᠬᠤᠪᠢᠷᠠᠭᠠᠬᠤ᠂ ᠰᠢᠯᠭᠠᠨ ᠪᠠᠶᠢᠴᠠᠭᠠᠵᠤ ᠰᠡᠯᠪᠢᠨ ᠵᠠᠰᠠᠬᠤ ᠦᠢᠯᠡᠴᠢᠯᠡᠭᠡ ᠪᠠ ᠪᠦᠬᠦ ᠬᠤᠲᠠ ᠶᠢᠨ ᠴᠡᠨᠡᠭᠯᠡᠬᠦ᠂ ᠴᠠᠬᠢᠯᠭᠠᠨ ᠬᠦᠳᠡᠯᠭᠡᠭᠦᠷ ᠳᠤ ᠬᠤᠪᠢᠷᠠᠭᠠᠬᠤ ᠲᠤᠤᠷᠵᠢᠭᠰᠠᠨ ᠲᠤᠭᠲᠠᠴᠠ ᠶᠢ ᠪᠠᠶᠢᠭᠤᠯᠤᠨ ᠡᠵᠡᠩᠨᠡᠵᠤ᠂ ᠲᠦᠷᠦᠯ ᠵᠦᠢᠯ ᠨᠢ ᠤᠷᠢᠳᠴᠢᠯᠠᠨ ᠵᠢᠱᠢᠯᠲᠡ ᠪᠠᠷ ᠵᠠᠭᠤ ᠢᠯᠡᠭᠦᠦ ᠬᠦᠮᠦᠨ ᠢ ᠠᠵᠢᠯ ᠤᠯᠭᠤᠨ ᠲᠦᠪᠬᠢᠨᠡᠭᠦᠯᠬᠦ ᠪᠣᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号