ᠴᠧᠨ ᠵᠠᠨ ᠢᠩ ᠶᠤᠸᠠᠨ ᠸᠠᠩ ᠡᠾᠧ ᠴᠦ᠋ ᠰᠢᠨ᠎ᠡ ᠡᠨᠧᠷᠭᠢ ᠰᠢᠨᠵᠢᠯᠡᠭᠡ ᠮᠡᠷᠭᠡᠵᠢᠯ ᠤᠨ ᠱᠠᠩᠬᠠᠢ ᠶᠢᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠵᠢᠶᠠᠨ ᠲᠠᠢ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/7/14
        ᠤᠶᠢᠷ᠎ᠠ ᠳᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠩᠱᠠᠨ ᠲᠣᠭᠤᠷᠢᠭ  ᠤᠨ ᠨᠠᠮ ᠤᠨ ᠬᠤᠷᠢᠶᠠᠨ ᠤ ᠱᠦᠵᠢ ᠴᠧᠨ ᠵᠠᠨ ᠢᠩ ᠶᠤᠸᠠᠨ ᠸᠠᠩ ᠡᠾᠧ ᠴᠦ᠋ ᠰᠢᠨ᠎ᠡ ᠡᠨᠧᠷᠭᠢ ᠰᠢᠨᠵᠢᠯᠡᠭᠡ ᠮᠡᠷᠭᠡᠵᠢᠯ ᠤᠨ ᠱᠠᠩᠬᠠᠢ ᠶᠢᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠵᠢᠶᠠᠨ ᠲᠠᠢ ᠰᠠᠭᠤᠳᠠᠯ ᠤᠨ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠬᠦᠭᠵᠢᠯᠲᠡ ᠶᠢ ᠠᠬᠢᠭᠤᠯᠬᠤ ᠲᠣᠭᠤᠷᠢᠨ ᠳᠤ ᠭᠦᠨᠵᠡᠭᠡᠢ ᠰᠠᠨᠠᠯ ᠪᠤᠳᠤᠯ ᠢᠶᠠᠨ ᠰᠣᠯᠢᠯᠴᠠᠪᠠ᠃        ᠴᠧᠨ ᠵᠠᠨ ᠢᠩ ᠶᠤᠸᠠᠨ ᠸᠠᠩ ᠡᠾᠧ ᠴᠦ᠋ ᠰᠢᠨ᠎ᠡ ᠡᠨᠧᠷᠭᠢ ᠰᠢᠨᠵᠢᠯᠡᠭᠡ ᠮᠡᠷᠭᠡᠵᠢᠯ ᠤᠨ ᠱᠠᠩᠬᠠᠢ ᠶᠢᠨ ᠬᠢᠵᠠᠭᠠᠷᠲᠤ ᠺᠤᠮᠫᠠᠨᠢ ᠶᠢᠨ ᠬᠤᠩᠱᠠᠨ ᠲᠤᠭᠤᠷᠢᠭ ᠲᠤ ᠦᠵᠡᠭᠦᠯᠦᠭᠰᠡᠨ ᠬᠠᠶᠢᠷ᠎ᠠ ᠬᠠᠯᠠᠮᠵᠢ ᠳᠤ ᠲᠠᠯᠠᠷᠬᠠᠯ ᠳᠡᠪᠰᠢᠭᠦᠯᠵᠦ᠂ ᠬᠤᠶᠠᠷ ᠡᠲᠡᠭᠡᠳ ᠢᠶᠠᠷ ᠢᠶᠠᠨ ᠦᠪᠡᠷ ᠦᠪᠡᠷ ᠤᠨ ᠳᠠᠪᠠᠭᠤᠯᠢᠭ ᠢᠶᠠᠨ ᠪᠠᠳᠠᠷᠠᠭᠤᠯᠤᠨ ᠢᠳᠡᠪᠬᠢᠲᠡᠢ ᠲᠦᠯᠦᠪᠵᠢᠭᠦᠯᠵᠦ ᠨᠡᠩ ᠣᠯᠠᠨ ᠰᠢᠯᠢᠳᠡᠭ ᠰᠢᠨ᠎ᠡ ᠡᠨᠧᠷᠭᠢ ᠶᠢᠨ ᠲᠦᠷᠦᠯ ᠵᠦᠢᠯ ᠢ ᠬᠤᠩᠱᠠᠨ ᠲᠤᠭᠤᠷᠢᠭ ᠲᠤ ᠨᠠᠶᠢᠳᠠᠪᠤᠷᠢᠵᠢᠭᠤᠯᠵᠤ᠂ ᠬᠤᠩᠱᠠᠨ ᠲᠤᠭᠤᠷᠢᠭ ᠨᠢ ᠨᠡᠩ ᠰᠢᠯᠢᠳᠡᠭ ᠴᠢᠨᠠᠷ ᠤᠨ ᠦᠢᠯᠡᠴᠢᠯᠡᠭᠡ ᠶᠢ ᠬᠠᠩᠭᠠᠵᠤ᠂ ᠲᠦᠷᠦᠯ ᠵᠦᠢᠯ ᠤᠨ ᠨᠠᠶᠢᠳᠠᠪᠤᠷᠢᠵᠢᠭᠳᠠᠬᠤ᠂ ᠠᠵᠤ ᠠᠬᠤᠢ ᠶᠢᠨ ᠬᠦᠭᠵᠢᠯᠲᠡ ᠳᠤ ᠨᠠᠶᠢᠳᠠᠪᠤᠷᠢᠲᠠᠢ ᠪᠠᠲᠤᠯᠠᠭ᠎ᠠ ᠬᠠᠩᠭᠠᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠦᠷᠢᠶ᠎ᠡ ᠬᠡᠪᠴᠢᠶ᠎ᠡ ᠪᠠᠨ ᠦᠷᠭᠡᠳᠬᠡᠬᠦ᠂ ᠡᠷᠡᠭᠦᠯ ᠬᠦᠭᠵᠢᠬᠦ᠂ ᠭᠠᠵᠠᠷ ᠣᠷᠤᠨ ᠤᠨ ᠬᠦᠭᠵᠢᠯᠲᠡ ᠶᠢ ᠪᠡᠶᠡᠯᠡᠭᠦᠯᠬᠦ ᠪᠠ ᠠᠵᠤ ᠠᠬᠤᠶᠢᠯᠠᠯ ᠢ ᠬᠦᠭᠵᠢᠭᠦᠯᠬᠦ ᠬᠠᠷᠢᠯᠴᠠᠨ ᠠᠰᠢᠭ ᠬᠦᠷᠲᠡᠵᠦ ᠬᠠᠮᠲᠤᠪᠡᠷ ᠢᠯᠠᠬᠤ ᠶᠢ ᠬᠦᠰᠡᠪᠡ᠃        ᠸᠠᠩ ᠵᠢᠶᠠᠨ ᠢᠯᠡᠷᠬᠡᠶᠢᠯᠡᠬᠦ ᠳᠡᠭᠡᠨ ᠶᠤᠸᠠᠨ ᠸᠠᠩ ᠡᠾᠧ ᠴᠦ᠋ ᠰᠢᠨ᠎ᠡ ᠡᠨᠧᠷᠭᠢ ᠰᠢᠨᠵᠢᠯᠡᠭᠡ ᠮᠡᠷᠭᠡᠵᠢᠯ ᠤᠨ ᠱᠠᠩᠬᠠᠢ ᠶᠢᠨ ᠬᠢᠵᠠᠭᠠᠷᠲᠤ ᠺᠤᠮᠫᠠᠨᠢ ᠬᠤᠩᠱᠠᠨ ᠲᠣᠭᠤᠷᠢᠭ ᠲᠤ ᠰᠢᠨ᠎ᠡ ᠡᠨᠧᠷᠭᠢ ᠶᠢᠨ ᠠᠵᠤ ᠦᠢᠯᠡᠰ ᠢ ᠬᠦᠭᠵᠢᠭᠦᠯᠬᠦ ᠲᠠᠯ᠎ᠠ ᠶᠢᠨ ᠬᠠᠮᠲᠤᠷᠠᠯᠴᠠᠭᠠᠨ ᠤ ᠢᠷᠡᠭᠡᠳᠦᠢ ᠶᠢ ᠤᠨᠴᠠᠭᠠᠢ ᠬᠦᠨᠳᠦᠳᠬᠡᠨ ᠦᠵᠡᠵᠦ᠂ ᠠᠵᠤ ᠠᠬᠤᠶᠢᠯᠠᠯ ᠤᠨ ᠢᠷᠡᠭᠡᠳᠦᠢ ᠶᠢᠨ ᠬᠦᠭᠵᠢᠯᠲᠡ ᠶᠢᠨ ᠪᠤᠲᠠᠲᠠᠢ ᠳᠤ ᠵᠤᠭᠰᠤᠨ᠂ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠬᠦᠷᠢᠶᠡᠨ ᠳᠠᠬᠢ ᠮᠡᠷᠭᠡᠵᠢᠯ᠂ ᠳᠡᠭᠡᠳᠦ ᠳᠤᠤᠷᠠᠲᠤ ᠤᠷᠤᠰᠬᠠᠯ ᠤᠨ ᠠᠵᠤ ᠦᠢᠯᠡᠰ ᠤᠨ ᠢᠵᠢ ᠪᠦᠷᠢᠳᠬᠦ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠨᠡᠩ ᠣᠯᠠᠨ ᠠᠵᠤ ᠠᠬᠤᠶᠢᠯᠠᠯ ᠢ ᠬᠦᠭᠵᠢᠭᠦᠯᠬᠦ ᠪᠠ ᠭᠠᠵᠠᠷ ᠣᠷᠤᠨ ᠢ ᠬᠦᠭᠵᠢᠭᠦᠯᠬᠦ ᠬᠠᠮᠲᠤ ᠶᠢᠨ ᠴᠡᠭ ᠢ ᠣᠯᠵᠤ᠂ ᠨᠡᠩ ᠣᠯᠠᠨ ᠬᠦᠷᠢᠶ᠎ᠡ ᠬᠡᠪᠴᠢᠶ᠎ᠡ᠂ ᠨᠡᠩ ᠭᠦᠨ ᠳᠠᠪᠬᠤᠷᠭ᠎ᠠ ᠳᠤ ᠨᠡᠩ ᠦᠨᠳᠦᠷ ᠲᠦᠪᠰᠢᠨ ᠤ ᠬᠠᠮᠵᠢᠯᠴᠠᠭ᠎ᠠ ᠶᠢ ᠴᠢᠷᠮᠠᠶᠢᠨ ᠲᠡᠮᠡᠴᠡᠬᠦ ᠨᠢ ᠯᠠᠪᠲᠠᠢ ᠭᠡᠪᠡ᠃        ᠲᠤᠭᠤᠷᠢᠭ ᠤᠨ ᠤᠳᠤᠷᠢᠳᠤᠯᠭ᠎ᠠ ᠵᠠᠩ ᡁᠢ ᠴᠢᠶᠠᠩ᠂ ᠢᠦᠢ ᠴᠦᠨ ᠢᠦᠢ ᠰᠠᠭᠤᠳᠠᠯ ᠤᠨ ᠬᠤᠷᠠᠯ ᠳᠤ ᠣᠷᠤᠯᠴᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号