ᠬᠤᠩᠱᠠᠨ ᠲᠤᠭᠤᠷᠢᠭ ᠳᠦᠷᠪᠡᠨ ᠠᠷᠭ᠎ᠠ ᠠᠪᠴᠠᠯ ᠢᠶᠠᠷ ᠠᠷᠠᠯᠵᠢᠶ᠎ᠠ ᠡᠵᠡᠩᠨᠡᠯᠲᠡ ᠶᠢᠨ ᠣᠷᠴᠢᠨ ᠲᠤᠭᠤᠷᠢᠨ ᠤ ᠡᠳᠦᠷ ᠲᠤᠲᠤᠮ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2022/7/15
       ᠨᠢᠭᠡ ᠳᠤ ᠴᠤᠩᠬᠤᠪᠴᠢ ᠶᠢᠨ ᠨᠢᠭᠡᠴᠡ ᠶᠢᠨ ᠰᠤᠷᠲᠠᠯ ᠤᠨ ᠴᠡᠭᠴᠡᠯᠡᠯᠲᠡ ᠶᠢᠨ ᠤᠨ ᠤ ᠠᠵᠢᠯᠯᠠᠭᠠᠨ ᠢ ᠦᠷᠨᠢᠭᠦᠯᠵᠦ᠂ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠲᠤ ᠠᠷᠠᠯᠵᠢᠶ᠎ᠠ ᠡᠵᠡᠩᠨᠡᠯᠲᠡ  ᠶᠢᠨ ᠣᠷᠴᠢᠨ ᠲᠤᠭᠤᠷᠢᠨ ᠢ ᠰᠢᠯᠢᠳᠡᠭᠵᠢᠭᠦᠯᠬᠦ ᠲᠤᠰᠬᠠᠢ ᠠᠩᠭᠢ ᠶᠢ ᠲᠣᠮᠢᠯᠠᠨ ᠰᠠᠭᠤᠯᠭᠠᠵᠤ᠂ ᠬᠦᠨᠴᠡ ᠪᠦᠬᠦᠢ ᠬᠢᠨᠠᠯᠲᠠ᠂ ᠦᠢᠯᠡᠳᠦᠯᠭᠡᠴᠢᠯᠡᠭᠰᠡᠨ ᠬᠢᠨᠠᠯᠲᠠ᠂ ᠪᠠᠶᠢᠩᠭᠤᠴᠢᠯᠠᠭᠰᠠᠨ ᠬᠢᠨᠠᠯᠲᠠ ᠶᠢ ᠦᠷᠨᠢᠭᠦᠯᠦᠨ ᠠᠰᠢᠭ ᠴᠢᠳᠠᠮᠵᠢ  ᠶᠢᠨ ᠬᠢᠨᠠᠯᠲᠠ ᠶᠢ ᠦᠷᠨᠢᠭᠦᠯᠪᠡ᠃ ᠨᠡᠶᠢᠲᠡ 29 ᠠᠰᠠᠭᠤᠳᠠᠯ ᠢ ᠢᠯᠡᠷᠡᠭᠦᠯᠦᠨ᠂ 25 ᠰᠠᠨᠠᠭᠤᠯᠭ᠎ᠠ ᠳᠤᠷᠠᠳᠴᠤ᠂ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠪᠠ ᠴᠤᠩᠬᠤᠪᠴᠢ ᠶᠢᠨ ᠨᠢᠭᠡᠴᠡ ᠶᠢᠨ ᠭᠤᠣᠯ ᠴᠣᠭᠴᠠ 36 ᠤᠳᠠᠭᠠᠨ ᠤ ᠴᠢᠭᠡᠴᠢ ᠵᠠᠰᠠᠭ ᠤᠨ ᠶᠠᠷᠢᠯᠴᠠᠯᠭ᠎ᠠ ᠦᠷᠨᠢᠭᠦᠯᠪᠡ᠃        ᠬᠤᠶᠠᠷ ᠲᠤ ︽ᠺᠤᠲ ᠢᠶᠠᠷ ᠬᠢᠨᠠᠬᠤ︾ ᠮᠡᠷᠭᠡᠨ ᠴᠤᠬᠤᠷ ᠢ ᠦᠢᠯᠡᠳᠴᠦ᠂ ᠡᠯ᠎ᠡ ᠴᠤᠩᠬᠤᠪᠴᠢ ᠶᠢᠨ ᠦᠢᠯᠡᠴᠢᠯᠡᠭᠡᠨ ᠤ ᠨᠢᠭᠡᠴᠡ ᠶᠢᠨ ᠢᠯᠡ ᠪᠠᠶᠢᠷᠢᠨ ᠳᠤ ᠤᠬᠠᠭᠤᠯᠭ᠎ᠠ ᠶᠢᠨ ᠰᠣᠨᠢᠨ ᠨᠠᠭᠠᠵᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠢᠯᠭᠤᠮ ᠨᠡᠪᠲᠡᠷᠡᠬᠦ ᠵᠠᠮ ᠢ ᠤᠯᠠᠮ ᠨᠢᠭᠡ ᠠᠯᠬᠤᠮ ᠢᠯᠭᠤᠮ ᠪᠣᠯᠭᠠᠪᠠ᠃        ᠭᠤᠷᠪᠠ ᠳᠤ ︽ᠺᠤᠲ ᠢᠶᠠᠷ ᠬᠢᠨᠠᠬᠤ︾ ᠠᠵᠢᠯ ᠤᠨ ᠳᠠᠩᠰᠠ ᠶᠢ ᠪᠠᠶᠢᠭᠤᠯᠵᠤ᠂ ᠬᠠᠷᠢᠭᠤ ᠲᠤᠰᠬᠠᠬᠤ ᠠᠯᠬᠤᠮ ᠳᠠᠷᠠᠭ᠎ᠠ ᠶᠢ ᠳᠦᠷᠢᠮᠵᠢᠭᠦᠯᠦᠨ᠂ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠬᠠᠮ ᠵᠠᠭᠤᠴᠢᠯᠠᠭᠤᠷ ᠵᠡᠷᠭᠡ ᠲᠠᠪᠴᠠᠩ ᠢ ᠠᠰᠢᠭᠯᠠᠨ ᠮᠡᠳᠡᠴᠡ ᠶᠢᠨ ᠬᠡᠮᠵᠢᠶ᠎ᠡ ᠶᠢ ᠨᠡᠮᠡᠭᠳᠡᠭᠦᠯᠦᠨ᠂ ᠪᠦᠷᠬᠦᠴᠡ ᠶᠢᠨ ᠬᠡᠮᠵᠢᠶ᠎ᠡ ᠶᠢ ᠦᠷᠭᠡᠳᠬᠡᠵᠦ᠂ ᠨᠡᠶᠢᠲᠡ 13 ᠪᠤᠳᠠᠲᠠᠢ ᠠᠰᠠᠭᠤᠳᠠᠯ ᠢ ᠬᠤᠷᠢᠶᠠᠨ ᠴᠤᠭᠯᠠᠭᠤᠯᠵᠤ᠂ ᠪᠦᠬᠦᠨ ᠢ ᠲᠦᠷᠭᠡᠨ ᠪᠠᠶᠢᠴᠠᠭᠠᠵᠤ ᠲᠦᠷᠭᠡᠨ ᠰᠢᠢᠳᠪᠦᠷᠢᠯᠡᠵᠦ᠂ ︽ᠺᠤᠲ ᠢᠶᠠᠷ ᠬᠢᠨᠡᠵᠤ ᠳᠠᠷᠤᠢ ᠭᠦᠢᠴᠡᠳᠬᠡᠬᠦ︾ ᠶᠢ ᠵᠢᠩᠬᠢᠨᠢ ᠪᠠᠷ ᠪᠡᠶᠡᠯᠡᠭᠦᠯᠪᠡ᠃        ᠳᠦᠷᠪᠡ ᠳᠤ ᠬᠢᠨᠠᠯᠲᠠ ᠶᠢᠨ ᠠᠷᠭ᠎ᠠ ᠮᠠᠶ᠋ᠢᠭ ᠢ ᠦᠷᠭᠡᠳᠬᠡᠨ ᠪᠠᠶᠠᠯᠢᠭᠵᠢᠭᠤᠯᠵᠤ᠂  ᠰᠢᠯᠢᠳᠡᠭ ᠵᠠᠭᠤᠴᠢᠯᠠᠭᠤᠷ ᠤᠨ ᠡᠬᠢ ᠪᠠᠶᠠᠯᠢᠭ ᠢ ᠰᠤᠩᠭᠤᠨ᠂ ᠭᠤᠷᠪᠠᠳᠤᠭᠠᠷ ᠡᠲᠡᠭᠡᠳ ᠤᠨ ᠬᠢᠨᠠᠯᠲᠠ ᠶᠢᠨ ᠬᠡᠯᠡᠯᠴᠡᠭᠡᠷ ᠢ ᠲᠤᠭᠲᠠᠭᠠᠵᠤ᠂ ᠵᠠᠭᠤᠴᠢᠯᠠᠭᠤᠷ ᠤᠨ ᠬᠢᠨᠠᠯᠲᠠ ᠶᠢᠨ ᠠᠮᠢᠳᠤᠯᠢᠭ ᠴᠢᠨᠠᠷ ᠪᠠ ᠴᠠᠭᠲᠤ ᠴᠢᠨᠠᠷ ᠢ ᠬᠦᠲᠦᠯᠦᠨ ᠪᠠᠳᠠᠷᠠᠭᠤᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号