ᠴᠧᠨ ᠵᠠᠨ ᠢᠩ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠠᠷᠠᠯᠵᠢᠶᠠᠴᠢᠨ ᠤᠷᠢᠵᠤ ᠪᠡᠯᠡ ᠲᠠᠲᠠᠪᠠ
ᠨᠡᠶᠢᠲᠡᠯᠡᠭᠰᠡᠨ ᠴᠠᠭ᠄
2022/7/18
7 ᠰᠠᠷ᠎ᠠ ᠶᠢᠨ 12 ᠠᠴᠠ 13 ᠤ ᠡᠳᠦᠷ ᠪᠣᠯᠲᠠᠯ᠎ᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠠᠮᠢᠳᠤ ᠪᠤᠳᠠᠰ ᠡᠮ ᠡᠮᠨᠡᠯᠭᠡ᠂ ᠬᠢᠮᠢ ᠶᠢᠨ ᠡᠮ ᠤᠨ ᠠᠵᠤ ᠦᠢᠯᠡᠰ ᠤᠨ ᠬᠡᠯᠬᠢᠶᠡᠨ ᠤ ᠳᠠᠷᠤᠭ᠎ᠠ ᠴᠧᠨ ᠵᠠᠨ ᠢᠩ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠠᠷᠠᠯᠵᠢᠶᠠᠴᠢᠨ ᠤᠷᠢᠵᠤ ᠪᠡᠯᠡ ᠲᠠᠲᠠᠬᠤ ᠲᠦᠷᠦᠯ ᠵᠦᠢᠯ ᠢ ᠪᠠᠶᠢᠴᠠᠭᠠᠨ ᠵᠤᠯᠭᠠᠯᠴᠠᠭᠤᠯᠪᠠ᠃ ᠬᠤᠶᠠᠷ ᠡᠳᠦᠷ ᠤᠨ ᠠᠷᠠᠯᠵᠢᠶᠠᠴᠢᠨ ᠤᠷᠢᠬᠤ ᠪᠠᠶᠢᠴᠠᠭᠠᠯᠲᠠ ᠳᠤ ᠴᠧᠨ ᠵᠠᠨ ᠢᠩ ᠨᠠᠷ ᠳᠡᠭᠡᠳᠦ ᠰᠤᠷᠭᠠᠭᠤᠯᠢ ᠳᠤ ᠬᠦᠷᠴᠦ᠂ ᠠᠵᠤ ᠠᠬᠤᠶᠢᠯᠠᠯ ᠢ ᠦᠵᠡᠵᠦ᠂ ᠲᠦᠷᠦᠯ ᠵᠦᠢᠯ ᠢ ᠬᠡᠯᠡᠯᠴᠡᠵᠦ᠂ ᠤᠷᠢᠳ ᠬᠤᠵᠢᠳ ᠳᠤᠮᠳᠠᠳᠤ ᠤᠯᠤᠰ  ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ᠂ ᠬᠠᠢ ᠺᠧ ᠸᠧᠢ ᠡᠯ ᠭᠧᠨ ︵ᠪᠡᠭᠡᠵᠢᠩ︶ ᠤ ᠰᠤᠳᠤᠯᠭᠠᠨ ᠤ ᠬᠦᠷᠢᠶᠡᠯᠡᠩ᠂ ᠪᠡᠭᠡᠵᠢᠩ ᠤᠨ ᠨᠦᠸᠧ ᠺᠠᠩ ᠳ᠋ᠠ ᠡᠮ ᠡᠮᠨᠡᠯᠭᠡ ᠶᠢᠨ ᠰᠢᠨᠵᠢᠯᠡᠭᠡᠨ ᠤ ᠬᠤᠪᠢᠴᠠᠭᠠᠲᠤ ᠬᠢᠵᠠᠭᠠᠷᠲᠤ ᠺᠤᠮᠫᠠᠨᠢ᠂ ᠬᠤᠸᠠ ᠱᠢ ᠡᠮ ᠡᠮᠨᠡᠯᠭᠡ ᠠᠮᠢᠳᠤ ᠪᠤᠳᠠᠰ ᠤᠨ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ᠂  ᠵᠦᠩ ᠽᠢ ᠬᠠᠢ ᠸᠠᠢ ᠣᠷᠤᠨ ᠬᠡᠪᠴᠢᠶ᠎ᠡ ᠠᠯᠤᠰᠯᠠᠭᠰᠠᠨ ᠬᠠᠮᠵᠢᠯᠴᠠᠭᠠᠨ ᠤ ᠲᠦᠪ᠂ ᠶᠢᠨ ᠹᠧᠩ ᠰᠢᠨᠵᠢᠯᠡᠭᠡᠨ ᠤ ᠬᠤᠪᠢᠴᠠᠭᠠᠲᠤ ᠬᠢᠵᠠᠭᠠᠷᠲᠤ ᠺᠤᠮᠫᠠᠨᠢ ᠵᠡᠷᠭᠡ ᠭᠤᠤᠯᠳᠠᠯᠭᠠᠲᠤ ᠰᠤᠷᠭᠠᠭᠤᠯᠢ ᠬᠦᠷᠢᠶᠡᠯᠡᠩ᠂ ᠭᠤᠤᠯᠳᠠᠯᠭᠠᠲᠠᠢ ᠠᠵᠤ ᠠᠬᠤᠶᠢᠯᠠᠯ ᠪᠠ ᠰᠤᠳᠤᠯᠭᠠᠨ ᠤ ᠬᠦᠷᠢᠶᠡᠯᠡᠩ ᠳᠤ ᠬᠦᠷᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号